︽ᠥᠰᠦᠯᠲᠡ ᠶᠢᠨ ᠮᠧᠨᠧᠵᠮᠧᠨᠲ ᠪᠠ ᠡᠮᠡᠭᠲᠡᠶᠢᠴᠦᠳ ᠦᠨ ᠮᠠᠩᠯᠠᠶᠢᠯᠠᠯ︾ ᠠᠭᠤᠯᠵᠠᠯᠲᠠ ᠪᠣᠯᠤᠯ᠎ᠠ  | News.MN

 ︽ᠥᠰᠦᠯᠲᠡ ᠶᠢᠨ ᠮᠧᠨᠧᠵᠮᠧᠨᠲ ᠪᠠ ᠡᠮᠡᠭᠲᠡᠶᠢᠴᠦᠳ ᠦᠨ ᠮᠠᠩᠯᠠᠶᠢᠯᠠᠯ︾ ᠠᠭᠤᠯᠵᠠᠯᠲᠠ ᠪᠣᠯᠤᠯ᠎ᠠ 

Forbes Mongolia᠂ Forbes Mongolia Women ᠰᠡᠳᠬᠦᠯ ᠪᠣᠯᠤᠨ bloomberg  ᠲᠸᠯᠸᠢᠰ ᠦᠨ ᠡᠳ᠋ ᠍ ᠦᠨ ᠵᠠᠰᠠᠭᠴᠢᠳ ᠤᠨ ᠺᠯᠦ᠋ᠪ ᠦᠳ ᠬᠠᠮᠲᠤᠷᠠᠨ Forbes Mongolia Women’s Summit ᠪᠤᠶᠤ  ︽ᠥᠰᠦᠯᠲᠡ ᠶᠢᠨ ᠮᠧᠨᠧᠵᠮᠧᠨᠲ ᠪᠠ ᠡᠮᠡᠭᠲᠡᠶᠢᠴᠦᠳ ᠦᠨ ᠮᠠᠩᠯᠠᠶᠢᠯᠠᠯ︾ ᠰᠡᠳᠦᠪ ᠲᠡᠢ ᠠᠷᠭ᠎ᠠ ᠬᠡᠮᠵᠢᠶ᠎ᠡ ᠶᠢ 2019 ᠣᠨ ᠤ 12 ᠳ᠋ᠤᠭᠠᠷ ᠰᠠᠷ᠎ᠠ ᠶᠢᠨ 5 ᠤ ᠡᠳᠦᠷ ᠪᠤᠶᠤ ᠥᠨᠥᠳᠥᠷ ᠠᠮᠵᠢᠯᠲᠠᠲᠠᠢ ᠵᠣᠬᠢᠶᠠᠨ ᠪᠠᠶᠢᠭᠤᠯᠤᠯ᠎ᠠ᠃
ᠮᠣᠩᠭᠣᠯ ᠡᠮᠡᠭᠲᠡᠶᠢᠴᠦᠳ ᠦᠨ ᠣᠷᠣᠯᠴᠠᠭ᠎ᠠ ᠶᠢ ᠰᠠᠶᠢᠵᠢᠷᠠᠭᠤᠯᠬᠤ᠂ ᠮᠠᠩᠯᠠᠶᠢᠯᠠᠯ ᠢ ᠳᠡᠮᠵᠢᠬᠦ ᠳᠦ ᠴᠢᠭᠯᠡᠵᠦ ᠪᠤᠢ ᠤᠭ ᠠᠷᠭ᠎ᠠ ᠬᠡᠮᠵᠢᠶᠡᠨ ᠳᠦ ᠨᠡᠶᠢᠭᠡᠮ᠂ ᠪᠢᠽᠢᠨᠧᠰ ᠂ ᠤᠯᠤᠰ ᠲᠥᠷᠥ ᠶᠢᠨ  ᠰᠠᠯᠪᠤᠷᠢ ᠨᠤᠭᠤᠳ ᠲᠤ ᠤᠳᠤᠷᠢᠳᠬᠤ ᠠᠯᠪᠠᠨ ᠲᠤᠰᠢᠶᠠᠯ ᠳᠤ ᠠᠵᠢᠯᠯᠠᠵᠤ ᠪᠤᠢ ᠡᠮᠡᠭᠲᠡᠶᠢᠴᠦᠳ ᠮᠥᠨ ᠡᠳ᠋ ᠍ ᠦᠨ ᠵᠠᠰᠠᠭᠴᠢᠳ᠂ ᠪᠡᠶ᠎ᠡ  ᠳᠠᠭᠠᠭᠠᠭᠰᠠᠨ ᠰᠢᠨᠵᠢᠭᠡᠴᠢᠳ ᠣᠷᠣᠯᠴᠠᠵᠤ ᠂ ᠮᠣᠩᠭᠣᠯ ᠤᠯᠤᠰ ᠲᠤ ᠡᠮᠡᠭᠲᠡᠶᠢᠴᠦᠳ ᠪᠢᠽᠢᠨᠧᠰ ᠡᠷᠬᠢᠯᠡᠬᠦ ᠳᠦ ᠲᠤᠯᠭᠠᠷᠠᠳᠠᠭ ᠠᠰᠠᠭᠤᠳᠠᠯ ᠤᠳ ᠢ ᠬᠡᠷᠬᠢᠨ ᠰᠢᠢᠳᠪᠦᠷᠢᠯᠡᠬᠦ ᠲᠠᠯ᠎ᠠ ᠪᠠᠷ ᠵᠥᠪᠯᠡᠯᠳᠦᠯ᠎ᠡ᠃︽ᠥᠰᠦᠯᠲᠡ ᠶᠢᠨ ᠮᠧᠨᠧᠵᠮᠧᠨᠲ ᠪᠠ ᠡᠮᠡᠭᠲᠡᠶᠢᠴᠦᠳ ᠦᠨ ᠮᠠᠩᠯᠠᠶᠢᠯᠠᠯ︾᠂ ︽ᠬᠥᠷᠥᠩᠭᠡ ᠣᠷᠣᠭᠤᠯᠤᠯᠲᠠ ᠶᠢᠨ ᠣᠷᠴᠢᠨ ᠪᠠ ᠡᠮᠡᠭᠲᠡᠶᠢᠴᠦᠳ︾᠂ ︽ᠬᠥᠳᠡᠯᠮᠦᠷᠢ ᠡᠷᠬᠢᠯᠡᠯᠲᠡ ᠪᠠ ᠡᠮᠡᠭᠲᠡᠶᠢᠴᠦᠳ︾᠂ ︽ᠡᠮᠡᠭᠲᠡᠶᠢᠴᠦᠳ ᠦᠨ ᠣᠷᠣᠯᠴᠠᠭ᠎ᠠ ᠪᠠ ᠮᠠᠩᠯᠠᠶᠢᠯᠠᠯ︾ ᠭᠡᠰᠡᠨ  ᠳᠦᠷᠪᠡᠨ ᠦᠨᠳᠦᠰᠦᠨ ᠬᠡᠯᠡᠯᠴᠡᠭᠦᠯᠭᠡ ᠶᠢᠨ ᠬᠦᠷᠢᠶᠡᠨ ᠳᠦ ᠡᠮᠡᠭᠲᠡᠶᠢᠴᠦᠳ ᠦᠨ ᠮᠠᠩᠯᠠᠶᠢᠯᠠᠯ ᠤᠨ ᠠᠰᠠᠭᠤᠳᠠᠯ ᠢ ᠬᠥᠨᠳᠡᠵᠦ᠂ ᠪᠣᠯᠤᠮᠵᠢ᠂ ᠰᠢᠢᠳᠦᠯ ᠦᠨ ᠲᠠᠯ᠎ᠠ ᠪᠠᠷ ᠮᠡᠳᠡᠭᠡᠯᠡᠯ ᠰᠣᠯᠢᠯᠴᠠᠯ᠎ᠠ᠃

ᠰᠡᠳᠬᠢᠭᠳᠡᠯ ᠦᠯᠡᠳᠡᠭᠡᠬᠦ