ᠮᠣᠩᠭᠣᠯ᠂ ᠸᠢᠶᠧᠲ᠋ᠨᠠᠮ ᠤᠨ ᠺᠣᠮᠢᠰ ᠤᠨ 17 ᠳ᠋ᠤᠭᠠᠷ ᠬᠤᠷᠠᠯᠳᠤᠭᠠᠨ ᠪᠣᠯᠪᠠ  | News.MN

ᠮᠣᠩᠭᠣᠯ᠂ ᠸᠢᠶᠧᠲ᠋ᠨᠠᠮ ᠤᠨ ᠺᠣᠮᠢᠰ ᠤᠨ 17 ᠳ᠋ᠤᠭᠠᠷ ᠬᠤᠷᠠᠯᠳᠤᠭᠠᠨ ᠪᠣᠯᠪᠠ 

ᠡᠨᠡ ᠰᠠᠷ᠎ᠠ ᠶᠢᠨ 3-6 ᠍ ᠤ ᠡᠳᠦᠷ ᠦᠳ ᠲᠦ ᠪᠦᠭᠦᠳᠡ ᠨᠠᠶᠢᠷᠠᠮᠳᠠᠬᠤ ᠰᠤᠽᠢᠶᠠᠯᠢᠰᠲ ᠸᠢᠶᠧᠲ᠋ᠨᠠᠮ ᠤᠯᠤᠰ ᠤᠨ ᠨᠡᠶᠢᠰᠯᠡᠯ ᠬᠠᠨᠤᠢ ᠬᠤᠲᠠ ᠳᠤ ᠬᠤᠳᠠᠯᠳᠤᠭ᠎ᠠ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ ᠦᠨ ᠬᠠᠮᠲᠤ ᠶᠢᠨ ᠠᠵᠢᠯᠯᠠᠭᠠᠨ ᠤ ᠮᠣᠩᠭᠣᠯ᠂ ᠸᠢᠶᠧᠲ᠋ᠨᠠᠮ ᠤᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ 17 ᠳ᠋ᠤᠭᠠᠷ ᠬᠤᠷᠠᠯᠳᠤᠭᠠᠨ ᠪᠣᠯᠪᠠ᠃ ᠬᠤᠷᠠᠯᠳᠤᠭᠠᠨ ᠢ ᠮᠣᠩᠭᠣᠯ ᠤᠨ ᠲᠠᠯ᠎ᠠ ᠠᠴᠠ ᠬᠦᠨᠡᠰᠦ ᠬᠥᠳᠡᠭᠡ ᠠᠵᠤ ᠠᠬᠤᠢ ᠬᠥᠩᠭᠡᠨ ᠦᠢᠯᠡᠳᠪᠦᠷᠢ ᠶᠢᠨ  ᠶᠠᠮᠤᠨ  ᠤ ᠰᠠᠶᠢᠳ ᠴ∙ᠤᠯᠠᠭᠠᠨ᠂ ᠸᠢᠶᠧᠲ᠋ᠨᠠᠮ ᠤᠨ ᠲᠠᠯ᠎ᠠ ᠠᠴᠠ ᠲᠤᠰ ᠤᠯᠤᠰ ᠤᠨ ᠬᠥᠳᠡᠭᠡ ᠠᠵᠤ ᠠᠬᠤᠢ᠂ ᠬᠥᠳᠡᠭᠡ ᠶᠢᠨ ᠬᠥᠭᠵᠢᠯ ᠦᠨ ᠰᠠᠶᠢᠳ ᠨᠭᠦᠶ᠋ᠸᠨ ᠰᠤᠸᠠᠨ ᠭᠢᠶᠦ᠋ᠨ ᠠᠬᠠᠯᠠᠵᠤ ᠤᠷᠤᠯᠴᠠᠪᠠ᠃
ᠲᠠᠯ᠎ᠠ ᠨᠤᠭᠤᠳ ᠮᠣᠩᠭᠣᠯ᠂ ᠸᠢᠶᠧᠲ᠋ᠨᠠᠮ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 65 ᠵᠢᠯ ᠦᠨ ᠣᠢ ᠶᠢᠨ ᠦᠶ᠎ᠡ ᠪᠡᠷ ᠲᠣᠬᠢᠶᠠᠵᠤ ᠪᠤᠢ ᠡᠨᠡ ᠤᠳᠠᠭ᠎ᠠ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠬᠤᠷᠠᠯᠳᠤᠭᠠᠨ ᠢᠶᠠᠷ ᠤᠯᠤᠰ ᠲᠥᠷᠥ ᠶᠢᠨ ᠬᠠᠷᠢᠯᠴᠠᠭᠠᠨ ᠤ ᠪᠠᠲᠤ ᠲᠠᠢ ᠰᠠᠭᠤᠷᠢᠨ ᠳᠡᠭᠡᠷ᠎ᠡ ᠲᠤᠯᠭᠠᠭᠤᠷᠢᠯᠠᠨ ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠥᠩᠭᠡ ᠣᠷᠣᠭᠤᠯᠤᠯᠲᠠ ᠶᠢᠨ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ᠂ ᠴᠢᠩᠭᠢᠬᠦ ᠳᠦ ᠪᠡᠨ ᠬᠣᠶᠠᠷ ᠲᠠᠯ᠎ᠠ ᠶᠢᠨ ᠬᠤᠳᠠᠯᠳᠤᠭ᠎ᠠ ᠶᠢ ᠡᠬᠢᠨ ᠦ ᠡᠭᠡᠯᠵᠢᠨ ᠳᠦ 100 ᠰᠠᠶ᠎ᠠ ᠳ᠋ᠣᠯᠯᠠᠷ ᠲᠤ ᠬᠦᠷᠭᠡᠬᠦ ᠴᠢᠭᠯᠡᠯ ᠳᠦ ᠪᠣᠳᠠᠲᠠᠢ ᠠᠵᠢᠯ ᠤᠳ ᠢ ᠠᠪᠴᠤ ᠬᠡᠷᠡᠭᠵᠢᠭᠦᠯᠬᠦ ᠪᠡᠷ ᠲᠣᠭᠲᠠᠯ᠎ᠠ᠃ ᠲᠤᠬᠠᠶᠢᠯᠠᠪᠠᠯ᠂ ᠮᠣᠩᠭᠣᠯ᠂ ᠸᠢᠶᠧᠲ᠋ᠨᠠᠮ ᠤᠨ ᠬᠣᠭᠣᠷᠣᠨᠳᠣ ᠨᠡᠶᠢᠯᠡᠭᠦᠯᠬᠦ ᠪᠠᠷᠠᠭ᠎ᠠ ᠪᠦᠲᠦᠭᠡᠭᠳᠡᠬᠦᠨ᠂ ᠲᠡᠭᠦᠨ ᠦ ᠳᠣᠲᠣᠷ᠎ᠠ ᠭᠦᠨ ᠬᠥᠯᠳᠡᠭᠡᠭᠰᠡᠨ ᠬᠣᠨᠢ ᠢᠮᠠᠭᠠᠨ ᠤ ᠮᠢᠬ᠎ᠠ ᠪᠣᠯᠤᠨ ᠳᠠᠯᠠᠢ ᠶᠢᠨ ᠪᠦᠲᠦᠭᠡᠭᠳᠡᠬᠦᠨ ᠦ ᠮᠠᠯ ᠡᠮᠨᠡᠯᠭᠡ᠂ ᠬᠣᠷᠢᠭ᠎ᠠ ᠴᠡᠭᠡᠷ ᠦᠨ ᠳᠢᠭᠯᠢᠮ ᠢ ᠲᠣᠬᠢᠷᠠᠵᠤ᠂ ᠪᠠᠲᠤᠯᠠᠭᠠᠵᠢᠭᠤᠯᠬᠤ ᠠᠵᠢᠯ ᠤᠨ ᠬᠡᠰᠡᠭ ᠦᠳ ᠢ ᠢᠷᠡᠬᠦ 2020 ᠣᠨ ᠤ  ᠨᠢᠭᠡᠳᠦᠭᠡᠷ ᠤᠯᠠᠷᠢᠯ ᠳᠤ ᠬᠠᠷᠢᠯᠴᠠᠨ ᠰᠣᠯᠢᠯᠴᠠᠬᠤ ᠪᠠᠷ ᠲᠣᠬᠢᠷᠠᠯᠴᠠᠪᠠ᠃ ᠴᠢᠨᠠᠭᠰᠢᠳᠠ ᠠᠭᠠᠷ ᠤᠨ ᠰᠢᠭᠤᠳ ᠨᠢᠰᠦᠯᠭᠡ ᠡᠬᠢᠯᠡᠭᠦᠯᠬᠦ᠂ ᠲᠡᠮᠦᠷ ᠵᠠᠮ᠂ ᠳᠠᠯᠠᠢ ᠶᠢᠨ ᠲᠡᠭᠡᠭᠡᠪᠦᠷᠢ ᠶᠢᠨ ᠰᠦᠯᠵᠢᠶ᠎ᠡ ᠶᠢ ᠥᠷᠭᠡᠵᠢᠭᠦᠯᠬᠦ᠂ ᠸᠢᠶᠧᠲ᠋ᠨᠠᠮ ᠤᠨ ᠪᠤᠭᠤᠮᠲᠠ ᠳᠤ ᠲᠧᠷᠮᠢᠨᠠᠯ ᠠᠰᠢᠭᠯᠠᠬᠤ ᠴᠢᠭᠯᠡᠯ ᠳᠦ ᠶᠠᠷᠢᠶ᠎ᠠ ᠬᠡᠯᠡᠯᠴᠡᠭᠡ ᠪᠡᠨ ᠦᠷᠭᠦᠯᠵᠢᠯᠡᠭᠦᠯᠵᠦ᠂ ᠣᠶᠢᠷ᠎ᠠ ᠶᠢᠨ ᠦᠶ᠎ᠡ ᠳᠦ ᠥᠨᠳᠥᠷ ᠲᠦᠪᠰᠢᠨ ᠦ ᠠᠶᠢᠯᠴᠢᠯᠠᠯ ᠬᠡᠷᠡᠭᠵᠢᠭᠦᠯᠬᠦ ᠪᠡᠷ ᠶᠠᠷᠢᠯᠴᠠᠪᠠ᠃ ᠮᠥᠨ ᠬᠣᠶᠠᠷ ᠤᠯᠤᠰ ᠤᠨ ᠶᠡᠬᠡ ᠳᠡᠭᠡᠳᠦ ᠰᠤᠷᠭᠠᠭᠤᠯᠢ ᠳᠤ ᠬᠠᠷᠢᠯᠴᠠᠨ ᠰᠤᠷᠤᠯᠴᠠᠵᠤ ᠪᠤᠢ ᠮᠣᠩᠭᠣᠯ᠂ ᠸᠢᠶᠧᠲ᠋ᠨᠠᠮ ᠣᠶᠤᠲᠠᠨ ᠨᠤᠭᠤᠳ ᠤᠨ ᠲᠡᠳᠬᠦᠯᠭᠡ ᠶᠢ ᠨᠡᠮᠡᠭᠳᠡᠭᠦᠯᠬᠦ ᠲᠠᠯ᠎ᠠ ᠪᠠᠷ ᠵᠠᠷᠴᠢᠮ ᠤᠨ ᠲᠣᠬᠢᠷᠠᠯᠴᠠᠭᠠᠨ ᠳᠤ ᠬᠦᠷᠪᠡ᠃

ᠰᠡᠳᠬᠢᠭᠳᠡᠯ ᠦᠯᠡᠳᠡᠭᠡᠬᠦ