ᠠᠷᠠᠳᠴᠢᠯᠠᠯ ᠤᠨ 30 ᠵᠢᠯ ᠦᠨ ᠣᠢ ᠶᠢᠨ ᠬᠤᠷᠠᠯ ᠪᠣᠯᠤᠯ᠎ᠠ  | News.MN

ᠠᠷᠠᠳᠴᠢᠯᠠᠯ ᠤᠨ 30 ᠵᠢᠯ ᠦᠨ ᠣᠢ ᠶᠢᠨ ᠬᠤᠷᠠᠯ ᠪᠣᠯᠤᠯ᠎ᠠ 

ᠮᠣᠩᠭᠣᠯ ᠤᠨ ᠠᠷᠠᠳᠴᠢᠯᠠᠭᠰᠠᠨ ᠬᠤᠪᠢᠰᠬᠠᠯ ᠤᠨ 30 ᠵᠢᠯ ᠦᠨ ᠣᠢ ᠶᠢᠨ ᠪᠠᠶᠠᠷ ᠪᠣᠯᠵᠤ ᠪᠠᠶᠢᠨ᠎ᠠ᠃ ᠥᠨᠥᠳᠥᠷ ᠰᠤᠶᠤᠯ ᠤᠨ ᠲᠥᠪ ᠥᠷᠭᠦᠭᠡᠨ ᠳᠦ ︽ᠠᠷᠠᠳᠴᠢᠯᠠᠭᠰᠠᠨ ᠬᠤᠪᠢᠰᠬᠠᠯ ᠤᠨ 30 ᠵᠢᠯ ᠦᠨ ᠣᠢ ᠶᠢᠨ ᠪᠠᠶᠠᠷ ᠤᠨ ᠬᠤᠷᠠᠯ︾ ᠪᠣᠯᠤᠯ᠎ᠠ᠃ ᠬᠤᠷᠠᠯ  ᠳᠤ ᠶᠡᠷᠦᠩᠬᠡᠶᠢᠯᠡᠭᠴᠢ ᠬ∙ᠪᠠᠲᠤᠲᠤᠯᠭ᠎ᠠ ᠢᠯᠡᠭᠡᠯᠲᠡ ᠬᠦᠷᠭᠡᠭᠦᠯᠦᠭᠰᠡᠨ ᠢ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠤᠩᠰᠢᠵᠤ ᠰᠣᠨᠣᠷᠳᠠᠭᠤᠯᠪᠠ᠃ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠯᠡᠭᠡᠯᠲᠡ ᠳᠦ᠄ ᠁ ᠠᠷᠠᠳᠴᠢᠯᠠᠯ ᠢ ᠬᠡᠨ ᠨᠢᠭᠡᠨ ᠰᠤᠤᠲᠤ ᠬᠦᠮᠦᠨ᠂ ᠬᠡᠰᠡᠭ ᠪᠦᠯᠦᠭ ᠵᠣᠷᠢᠭᠲᠤ ᠬᠦᠮᠦᠰ ᠠᠪᠴᠢᠷᠠᠭ᠎ᠠ ᠦᠭᠡᠢ ᠶᠤᠮ᠃ ᠡᠨᠡ ᠪᠣᠯ ᠮᠣᠩᠭᠣᠯ ᠤᠨ ᠠᠷᠠᠳ ᠲᠦᠮᠡᠨ ᠦ ᠨᠡᠶᠢᠲᠡ ᠶᠢᠨ ᠬᠦᠰᠡᠯ᠂ ᠡᠷᠬᠡ ᠠᠰᠢᠭ᠂ ᠪᠦᠭᠦᠳᠡ ᠶᠢᠨ ᠬᠦᠴᠦ᠂ ᠰᠡᠳᠬᠢᠯ ᠵᠢᠳᠬᠦᠯ ᠢᠶᠡᠷ ᠣᠯᠵᠤ ᠠᠪᠤᠭᠰᠠᠨ ᠦᠷ᠎ᠡ ᠳ᠋ᠦᠩ ᠶᠤᠮ᠃
1989 ᠣᠨ ᠤ 12 ᠳ᠋ᠤᠭᠠᠷ ᠰᠠᠷ᠎ᠠ ᠠᠴᠠ ᠡᠬᠢᠯᠡᠨ ᠥᠷᠨᠢᠭᠰᠡᠨ ᠠᠷᠠᠳᠴᠢᠯᠠᠭᠰᠠᠨ ᠥᠭᠡᠷᠡᠴᠢᠯᠡᠯᠲᠡ ᠶᠢᠨ ᠭᠣᠣᠯ ᠦᠷ᠎ᠡ ᠳ᠋ᠦᠩ ᠨᠢ ᠮᠣᠩᠭᠣᠯᠴᠤᠳ ᠬᠦᠮᠦᠨ ᠦ ᠡᠷᠬᠡ᠂ ᠡᠷᠬᠡ ᠴᠢᠯᠦᠭᠡ᠂ ᠰᠢᠳᠤᠷᠭᠤ ᠶᠣᠰᠣ᠂ ᠲᠡᠭᠰᠢ ᠪᠠᠶᠢᠳᠠᠯ ᠢ ᠲᠤᠩᠬᠠᠭᠯᠠᠨ ᠵᠠᠷᠯᠠᠭᠰᠠᠨ ᠰᠢᠨ᠎ᠡ ᠠᠷᠠᠳᠴᠢᠯᠠᠭᠰᠠᠨ ᠦᠨᠳᠦᠰᠦᠨ ᠬᠠᠤᠯᠢ ᠪᠠᠨ ᠪᠠᠲᠤᠯᠠᠭᠰᠠᠨ ᠶᠠᠪᠤᠳᠠᠯ ᠪᠠᠶᠢᠯ᠎ᠠ᠃ ᠡᠳ᠋ ᠦᠨ ᠵᠠᠰᠠᠭ ᠤᠨ ᠬᠤᠪᠢ ᠳᠤ ᠵᠠᠬ᠎ᠠ ᠵᠡᠭᠡᠯᠢ ᠶᠢᠨ ᠬᠠᠷᠢᠯᠴᠠᠭᠠᠨ ᠳᠤ ᠡᠷᠭᠢᠯᠲᠡ ᠪᠤᠴᠠᠯᠲᠠ ᠦᠭᠡᠢ ᠣᠷᠣᠵᠤ᠂ ᠮᠠᠯ ᠢ ᠮᠠᠯᠴᠢᠳ ᠲᠤ᠂ ᠣᠷᠣᠨ ᠰᠠᠭᠤᠴᠠ ᠶᠢ ᠢᠷᠭᠡᠳ ᠲᠦ᠂ ᠤᠯᠤᠰ ᠤᠨ ᠭᠡᠬᠦ ᠥᠮᠴᠢ ᠶᠢ ᠬᠤᠪᠢ ᠶᠢᠨ ᠬᠡᠪᠰᠢᠯ ᠳᠦ ᠰᠢᠯᠵᠢᠭᠦᠯᠦᠭᠰᠡᠨ ᠢᠶᠡᠷ ᠬᠤᠪᠢ ᠶᠢᠨ ᠥᠮᠴᠢ ᠬᠦᠮᠦᠨ ᠦ ᠠᠮᠢᠳᠤᠷᠠᠯ ᠤᠨ ᠦᠨᠳᠦᠰᠦ᠂ ᠬᠤᠪᠢ ᠶᠢᠨ ᠬᠡᠪᠰᠢᠯ ᠨᠡᠶᠢᠭᠡᠮ ᠤᠨ ᠬᠥᠭᠵᠢᠯ ᠦᠨ ᠦᠨᠳᠦᠰᠦ ᠪᠣᠯᠵᠤ ᠬᠤᠪᠢᠷᠠᠭᠰᠠᠨ ᠶᠤᠮ᠃ ᠁ ᠪᠢᠳᠡ ᠰᠢᠨ᠎ᠡ ᠨᠡᠶᠢᠭᠡᠮ᠂ ᠰᠢᠨ᠎ᠡ ᠲᠣᠭᠲᠠᠯᠴᠠᠭ᠎ᠠ ᠶᠢ ᠪᠠᠶᠢᠭᠤᠯᠬᠤ ᠠᠮᠠᠷ ᠦᠭᠡᠢ ᠵᠠᠮ ᠢᠶᠠᠷ ᠣᠨᠣᠬᠤ ᠳᠤ ᠪᠠᠨ ᠣᠨᠣᠵᠤ᠂ ᠠᠯᠳᠠᠬᠤ ᠳᠤ ᠪᠠᠨ  ᠠᠯᠳᠠᠭᠰᠠᠭᠠᠷ ᠭᠤᠷᠪᠠᠨ ᠠᠷᠪᠠᠨ ᠢ ᠦᠳᠡᠵᠡᠢ᠃ ᠠᠯᠳᠠᠭ᠎ᠠ ᠪᠦᠬᠦᠨ ᠮᠢᠨᠢ ᠬᠠᠮᠲᠤ ᠶᠢᠨ ᠤᠬᠠᠭᠠᠷᠠᠯ᠂ ᠣᠨᠣᠭ᠎ᠠ ᠪᠣᠯᠭᠠᠨ ᠮᠢᠨᠢ ᠬᠠᠮᠲᠤ ᠶᠢᠨ ᠣᠯᠤᠯᠲᠠ ᠪᠠᠶᠢᠯ᠎ᠠ᠃ ᠠᠷᠠᠳᠴᠢᠯᠠᠯ ᠪᠣᠯ ᠬᠦᠷᠬᠦ ᠶᠣᠰᠣᠲᠠᠢ ᠣᠷᠭᠢᠯ ᠪᠢᠰᠢ ᠬᠠᠮᠲᠤ ᠳᠤ ᠪᠠᠨ ᠠᠷᠠᠴᠢᠯᠠᠵᠤ᠂ ᠲᠣᠷᠳᠠᠬᠤ ᠶᠣᠰᠣᠲᠠᠢ ᠦᠢᠯᠡ ᠶᠠᠪᠤᠴᠠ᠂ ᠬᠠᠮᠲᠤ ᠶᠢᠨ ᠬᠠᠷᠢᠭᠤᠴᠠᠯᠭ᠎ᠠ᠂ ᠬᠠᠮᠲᠤ ᠶᠢᠨ ᠡᠭᠦᠷᠭᠡ ᠪᠢᠯᠡ᠃
᠁ ᠲᠠ ᠪᠦᠬᠦᠨ ᠳᠦ ᠳᠠᠬᠢᠨ ᠠᠷᠠᠳᠴᠢᠯᠠᠭᠰᠠᠨ ᠬᠤᠪᠢᠰᠬᠠᠯ ᠤᠨ 30 ᠵᠢᠯ ᠦᠨ ᠣᠢ ᠶᠢᠨ ᠪᠠᠶᠠᠷ ᠤᠨ ᠮᠡᠨᠳᠦ ᠳᠡᠪᠰᠢᠭᠦᠯᠵᠦ᠂ ᠠᠷᠠᠳᠴᠢᠯᠠᠯ ᠤᠨ ᠦᠨᠡᠲᠦ ᠵᠦᠢᠯᠡᠰ ᠢᠶᠡᠨ ᠪᠠᠲᠤᠯᠠᠭᠠᠵᠢᠭᠤᠯᠬᠤ ᠶᠢᠨ ᠲᠥᠯᠦᠭᠡᠬᠢ ᠶᠡᠬᠡ ᠦᠢᠯᠡᠰ ᠲᠦ ᠠᠮᠵᠢᠯᠲᠠ ᠬᠦᠰᠡᠨ ᠢᠷᠦᠭᠡᠶ᠎ᠡ᠃ ᠮᠥᠩᠬᠡ ᠲᠩᠷᠢ ᠶᠢᠨ ᠬᠦᠴᠦᠨ ᠳᠣᠣᠷ᠎ᠠ ᠮᠣᠩᠭᠣᠯ ᠤᠯᠤᠰ ᠠᠰᠢᠳᠠ ᠠᠷᠠᠳᠴᠢᠯᠠᠯ ᠤᠨ ᠪᠠᠶᠠᠨᠪᠦᠷᠢᠳᠤ ᠪᠠᠶᠢᠵᠤ᠂ ᠡᠷᠬᠡ ᠴᠢᠯᠦᠭᠡ᠂ ᠰᠢᠳᠤᠷᠭᠤ ᠶᠣᠰᠣ ᠦᠶ᠎ᠡ ᠶᠢᠨ ᠦᠶ᠎ᠡ ᠳᠦ ᠳᠡᠯᠭᠡᠷᠡᠬᠦ ᠪᠣᠯᠲᠤᠭᠠᠢ ᠭᠡᠵᠡᠢ᠃
ᠶᠡᠷᠦᠩᠬᠡᠶᠢᠯᠡᠭᠴᠢ ᠶᠢᠨ ᠢᠯᠡᠭᠡᠯᠲᠡ ᠶᠢ ᠠᠷᠠᠳᠴᠢᠯᠠᠭᠰᠠᠨ ᠨᠠᠮ ᠤᠨ ᠳᠠᠷᠤᠭ᠎ᠠ ᠰ∙ᠡᠷᠳᠡᠨᠢ ᠳᠦ ᠭᠠᠷᠳᠠᠭᠤᠯᠪᠠ᠃

ᠰᠡᠳᠬᠢᠭᠳᠡᠯ ᠦᠯᠡᠳᠡᠭᠡᠬᠦ