︽ᠣᠷᠣᠨ ᠨᠤᠲᠤᠭ ᠤᠨ ᠰᠣᠩᠭᠣᠭᠤᠯᠢ ᠶᠢᠨ ᠲᠤᠬᠠᠢ︾ ᠬᠠᠤᠯᠢ ᠶᠢ ᠪᠠᠲᠤᠯᠠᠨ᠎ᠠ  | News.MN

 ︽ᠣᠷᠣᠨ ᠨᠤᠲᠤᠭ ᠤᠨ ᠰᠣᠩᠭᠣᠭᠤᠯᠢ ᠶᠢᠨ ᠲᠤᠬᠠᠢ︾ ᠬᠠᠤᠯᠢ ᠶᠢ ᠪᠠᠲᠤᠯᠠᠨ᠎ᠠ 

ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠬ∙ᠨᠢᠮᠠᠪᠠᠭᠠᠲᠤᠷ᠄ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ ᠥᠭᠡᠷᠡᠴᠢᠯᠡᠯᠲᠡ ᠪᠡᠷ ᠨᠤᠲᠤᠭ ᠤᠨ ᠤᠳᠤᠷᠢᠳᠤᠯᠭ᠎ᠠ ᠲᠡᠭᠦᠨ ᠲᠡᠢ ᠬᠣᠯᠪᠣᠭᠠᠲᠠᠢ ᠬᠡᠳᠦ ᠬᠡᠳᠦᠨ ᠵᠣᠬᠢᠴᠠᠭᠤᠯᠤᠯᠲᠠ ᠶᠢ ᠥᠭᠡᠷᠡᠴᠢᠯᠡᠭᠰᠡᠨ᠃ ᠲᠤᠬᠠᠶᠢᠯᠠᠪᠠᠯ᠂ ︽ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ ᠲᠡᠭᠦᠨ ᠦ ᠴᠢᠯᠦᠭᠡ ᠴᠠᠭ ᠲᠤ ᠲᠡᠷᠢᠭᠦᠯᠡᠭᠴᠢᠳ ᠪᠠᠶᠢᠨ᠎ᠠ︾ ᠭᠡᠰᠡᠨ ᠦᠨᠡᠲᠦ ᠵᠦᠢᠯ ᠦᠨ ᠵᠣᠬᠢᠴᠠᠭᠤᠯᠤᠯᠲᠠ ᠶᠢ ᠥᠭᠡᠷᠡᠴᠢᠯᠡᠵᠦ᠂ ᠬᠦᠴᠦᠨ ᠦᠭᠡᠢ ᠪᠣᠯᠭᠠᠭᠰᠠᠨ᠃ ᠣᠷᠣᠨ ᠨᠤᠲᠤᠭ ᠤᠨ ᠰᠣᠩᠭᠣᠭᠤᠯᠢ ᠶᠢᠨ ᠲᠤᠬᠠᠢ ᠬᠠᠤᠯᠢ ᠶᠢ ᠬᠡᠳᠦ ᠬᠡᠳᠦᠨ ᠣᠷᠭᠠᠨᠢᠭ ᠬᠠᠤᠯᠢ ᠶᠢᠨ ᠵᠣᠬᠢᠴᠠᠭᠤᠯᠤᠯᠲᠠ ᠲᠠᠢ ᠤᠶᠠᠯᠳᠤᠭᠤᠯᠵᠤ᠂ ᠣᠶᠢᠷ᠎ᠠ ᠶᠢᠨ ᠦᠶ᠎ᠡ ᠳᠦ ᠪᠠᠲᠤᠯᠠᠬᠤ ᠪᠠᠷ ᠲᠥᠯᠥᠪᠯᠡᠵᠦ ᠪᠠᠶᠢᠨ᠎ᠠ᠃

︽ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠨᠢᠭᠡᠴᠡ ᠶᠢᠨ ᠲᠤᠬᠠᠢ︾ ᠬᠠᠤᠯᠢ᠂  ︽ᠬᠣᠲᠠ ᠲᠣᠰᠬᠣᠨ ᠤ ᠡᠷᠬᠡ ᠵᠦᠢ ᠶᠢᠨ ᠪᠠᠶᠢᠳᠠᠯ ᠤᠨ ᠲᠤᠬᠠᠢ︾ ᠬᠠᠤᠯᠢ ᠨᠤᠭᠤᠳ᠂  ︽ᠨᠡᠶᠢᠰᠯᠡᠯ ᠦᠨ ᠡᠷᠬᠡ ᠵᠦᠢ ᠶᠢᠨ ᠪᠠᠶᠢᠳᠠᠯ ᠤᠨ ᠲᠤᠬᠠᠢ︾ ᠬᠠᠤᠯᠢ ᠵᠡᠷᠭᠡ ᠲᠡᠢ ᠬᠣᠯᠪᠣᠭᠳᠠᠭᠤᠯᠵᠤ ᠥᠭᠡᠷᠡᠴᠢᠯᠡᠬᠦ ᠪᠡᠷ ᠶᠠᠷᠢᠭᠳᠠᠵᠤ ᠪᠠᠶᠢᠭ᠎ᠠ᠃ ᠮᠣᠩᠭᠣᠯ ᠤᠯᠤᠰ ᠤᠨ ᠦᠨᠳᠦᠰᠦᠨ ᠬᠠᠤᠯᠢ ᠶᠢᠨ 57 ᠳ᠋ᠤᠭᠠᠷ ᠵᠦᠢᠯ ᠦᠨ ᠬᠣᠶᠠᠷ ᠪᠣᠯᠤᠨ ᠭᠤᠷᠪᠠᠳᠠᠬᠢ ᠬᠡᠰᠡᠭ ᠲᠦ ᠥᠭᠡᠷᠡᠴᠢᠯᠡᠯᠲᠡ ᠣᠷᠣᠭᠤᠯᠤᠭᠰᠠᠨ᠃ ᠡᠨᠡ ᠨᠢ ᠤᠯᠤᠰ ᠤᠨ ᠪᠣᠯᠤᠨ ᠣᠷᠣᠨ ᠨᠤᠲᠤᠭ ᠤᠨ ᠰᠢᠨᠵᠢ ᠴᠢᠨᠠᠷᠲᠠᠢ ᠬᠣᠲᠠ ᠪᠠᠶᠢᠭᠤᠯᠬᠤ᠂ ᠲᠡᠳᠡᠭᠡᠷ ᠲᠦ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠨᠢᠭᠡᠴᠡ ᠶᠢᠨ ᠵᠠᠷᠢᠮ ᠴᠢᠭ ᠡᠭᠦᠷᠭᠡ ᠶᠢ ᠬᠠᠤᠯᠢ ᠪᠠᠷ ᠰᠢᠯᠵᠢᠭᠦᠯᠬᠦ ᠵᠣᠬᠢᠴᠠᠭᠤᠯᠤᠯᠲᠠ ᠶᠢ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠪᠡᠷ ᠪᠠᠲᠤᠯᠠᠭᠰᠠᠨ᠃ ᠡᠭᠦᠨ ᠲᠡᠢ ᠬᠣᠯᠪᠣᠭᠠᠲᠠᠢ ᠪᠠᠷ ᠣᠷᠣᠨ ᠨᠤᠲᠤᠭ ᠤᠨ ᠰᠣᠩᠭᠣᠭᠤᠯᠢ ᠶᠢᠨ ᠲᠤᠬᠠᠢ ᠬᠠᠤᠯᠢ ᠶᠢ ᠪᠠᠲᠤᠯᠠᠬᠤ ᠪᠠᠷ ᠠᠵᠢᠯᠯᠠᠵᠤ ᠪᠠᠶᠢᠨ᠎ᠠ ᠭᠡᠯ᠎ᠡ ᠃

ᠰᠡᠳᠬᠢᠭᠳᠡᠯ ᠦᠯᠡᠳᠡᠭᠡᠬᠦ