︽ᠰᠸᠨᠲᠸᠷᠷᠠ ᠭᠤᠯᠳ᠋ ᠮᠣᠩᠭᠣᠯᠢᠶ᠎ᠠ︾ ᠶᠢᠨ ᠵᠥᠪᠰᠢᠶᠡᠷᠡᠯ ᠢ ᠴᠤᠴᠠᠯᠠᠯ᠎ᠠ  | News.MN

 ︽ᠰᠸᠨᠲᠸᠷᠷᠠ ᠭᠤᠯᠳ᠋ ᠮᠣᠩᠭᠣᠯᠢᠶ᠎ᠠ︾ ᠶᠢᠨ ᠵᠥᠪᠰᠢᠶᠡᠷᠡᠯ ᠢ ᠴᠤᠴᠠᠯᠠᠯ᠎ᠠ 

ᠤᠯᠤᠰ ᠤᠨ ᠳᠡᠭᠡᠳᠦ ᠰᠢᠭᠦᠬᠦ ᠶᠢᠨ ᠬᠢᠨᠠᠯᠲᠠ ᠶᠢᠨ ᠱᠠᠲᠤᠨ ᠤ ᠵᠠᠬᠢᠷᠭᠠᠨ ᠤ ᠬᠡᠷᠡᠭ ᠦᠨ ᠰᠢᠭᠦᠬᠦ ᠬᠤᠷᠠᠯᠳᠤᠭᠠᠨ ᠢᠶᠠᠷ ︽ᠨᠣᠶᠠᠨ ᠠᠭᠤᠯᠠ ᠪᠠᠨ ᠠᠪᠤᠷᠠᠬᠤ ᠬᠥᠳᠡᠯᠭᠡᠭᠡᠨ ︾  ᠲᠦᠷᠦ ᠶᠢᠨ ᠪᠤᠰᠤ ᠪᠠᠶᠢᠭᠤᠯᠤᠯᠭ᠎ᠠ ᠶᠢᠨ ᠨᠡᠬᠡᠮᠵᠢᠯᠡᠯ ᠲᠠᠢ ᠠᠰᠢᠭᠲᠤ ᠮᠠᠯᠲᠠᠮᠠᠯ᠂ ᠭᠠᠵᠠᠷ ᠤᠨ ᠲᠣᠰᠤᠨ ᠤ ᠭᠠᠵᠠᠷ ᠤᠨ ᠺᠳᠠᠰᠲ᠋ᠷ ᠤᠨ ᠬᠡᠯᠲᠡᠰ ᠲᠦ ᠬᠣᠯᠪᠣᠭᠳᠠᠬᠤ ᠬᠡᠷᠡᠭ ᠢ ᠭᠤᠷᠪᠠᠳᠠᠭᠴᠢ ᠡᠲᠡᠭᠡᠳ᠂ ᠲᠡᠭᠦᠨ ᠦ ᠢᠲᠡᠭᠡᠮᠵᠢᠯᠡᠭᠳᠡᠭᠰᠡᠨ ᠲᠥᠯᠥᠭᠡᠯᠡᠭᠴᠢ᠂ ᠥᠮᠥᠭᠡᠯᠡᠭᠴᠢ ᠨᠠᠷ ᠤᠨ ᠭᠠᠷᠭᠠᠭᠰᠠᠨ ᠭᠣᠮᠣᠳᠠᠯ ᠤᠨ ᠳᠠᠭᠠᠤ 2019 ᠣᠨ ᠤ 12 ᠳ᠋ᠤᠭᠠᠷ ᠰᠠᠷ᠎ᠠ ᠶᠢᠨ 9 ᠍ ᠦ ᠡᠳᠦᠷ ᠬᠢᠨᠠᠨ ᠬᠡᠯᠡᠯᠴᠡᠯ᠎ᠡ᠃
︽ᠨᠣᠶᠠᠨ ᠠᠭᠤᠯᠠ ᠪᠠᠨ ᠠᠪᠤᠷᠠᠬᠤ ᠬᠥᠳᠡᠯᠭᠡᠭᠡᠨ ︾ ᠲᠦᠷᠦ ᠶᠢᠨ ᠪᠤᠰᠤ ᠪᠠᠶᠢᠭᠤᠯᠤᠯᠭ᠎ᠠ ᠨᠢ ︽ᠰᠸᠨᠲᠸᠷᠷᠠ ᠭᠤᠯᠳ᠋ ᠮᠣᠩᠭᠣᠯᠢᠶ᠎ᠠ︾ ᠺᠤᠮᠫᠠᠨᠢ  ᠶᠢᠨ ᠡᠵᠡᠮᠰᠢᠯ ᠳᠦ ᠪᠠᠶᠢᠬᠤ 372 A᠂ 431 A᠂ 5082 A᠂ 10810 A ᠳ᠋ᠤᠭᠠᠷ ᠲᠠᠢ ᠠᠰᠢᠭᠯᠠᠯᠲᠠ ᠶᠢᠨ ᠲᠤᠰᠬᠠᠢ ᠵᠥᠪᠰᠢᠶᠡᠷᠡᠯ ᠦᠳ ᠢ ᠬᠦᠴᠦᠨ ᠦᠭᠡᠢ ᠪᠣᠯᠭᠠᠬᠤ ᠶᠢ ᠠᠰᠢᠭᠲᠤ ᠮᠠᠯᠲᠠᠮᠠᠯ᠂ ᠭᠠᠵᠠᠷ ᠤᠨ ᠲᠣᠰᠤᠨ ᠤ ᠭᠠᠵᠠᠷ ᠤᠨ ᠺᠳᠠᠰᠲ᠋ᠷ ᠤᠨ ᠬᠡᠯᠲᠡᠰ ᠦᠨ ᠳᠠᠷᠤᠭ᠎ᠠ ᠳᠤ ᠳᠠᠭᠠᠭᠠᠯᠭᠠᠬᠤ ᠨᠡᠬᠡᠮᠵᠢᠯᠡᠯ ᠦᠨ ᠱᠠᠭᠠᠷᠳᠠᠯᠭ᠎ᠠ ᠶᠢ ᠰᠢᠭᠦᠬᠦ ᠳᠦ ᠭᠠᠷᠭᠠᠵᠠᠢ᠃ ᠨᠡᠶᠢᠰᠯᠡᠯ ᠳ᠋ᠡᠬᠢ ᠵᠠᠬᠢᠷᠭᠠᠨ ᠤ ᠬᠡᠷᠡᠭ ᠦᠨ ᠠᠩᠬᠠᠨ ᠱᠠᠲᠤᠨ ᠤ ᠰᠢᠭᠦᠬᠦ ᠳᠡᠭᠡᠷᠡᠬᠢ ᠬᠡᠷᠡᠭ ᠢ 2019 ᠣᠨ ᠤ 3 ᠳ᠋ᠤᠭᠠᠷ ᠰᠠᠷ᠎ᠠ ᠶᠢᠨ 15 ᠍ ᠤ ᠡᠳᠦᠷ ᠬᠢᠨᠠᠨ ᠬᠡᠯᠡᠯᠴᠡᠭᠡᠳ ᠨᠡᠬᠡᠮᠵᠢᠯᠡᠯ ᠦᠨ ᠱᠠᠭᠠᠷᠳᠠᠯᠭ᠎ᠠ ᠶᠢ ᠪᠦᠬᠦᠯᠢ ᠳᠦ ᠨᠢ ᠬᠠᠩᠭᠠᠵᠤ᠂ ︽ᠰᠸᠨᠲᠸᠷᠷᠠ ᠭᠤᠯᠳ᠋ ᠮᠣᠩᠭᠣᠯᠢᠶ᠎ᠠ︾ ᠶᠢᠨ ᠡᠵᠡᠮᠰᠢᠯ ᠦᠨ ᠲᠤᠰᠬᠠᠢ ᠵᠥᠪᠰᠢᠶᠡᠷᠡᠯ ᠦᠳ ᠢ  ᠴᠤᠴᠠᠯᠠᠬᠤ ᠠᠴᠠ ᠲᠠᠲᠠᠭᠠᠯᠵᠠᠭᠰᠠᠨ ᠬᠠᠷᠢᠭᠤᠴᠠᠭᠴᠢ ᠠᠰᠢᠭᠲᠤ ᠮᠠᠯᠲᠠᠮᠠᠯ᠂ ᠭᠠᠵᠠᠷ ᠤᠨ ᠲᠣᠰᠤᠨ ᠤ ᠭᠠᠵᠠᠷ ᠤᠨ ᠺᠳᠠᠰᠲ᠋ᠷ ᠤᠨ ᠬᠡᠯᠲᠡᠰ ᠦᠨ ᠳᠠᠷᠤᠭ᠎ᠠ ᠶᠢᠨ ᠲᠠᠲᠠᠭᠠᠯᠵᠠᠯ ᠢ ᠬᠠᠤᠯᠢ ᠪᠤᠰᠤ ᠪᠣᠯᠬᠤ ᠶᠢ ᠲᠣᠭᠲᠠᠭᠠᠵᠤ᠂ ᠡᠳᠡᠭᠡᠷ ᠲᠤᠰᠬᠠᠢ ᠵᠥᠪᠰᠢᠶᠡᠷᠡᠯ ᠦᠳ ᠢ ᠴᠤᠴᠠᠯᠠᠬᠤ ᠶᠢ ᠬᠠᠷᠢᠭᠤᠴᠠᠭᠴᠢ ᠳᠤ ᠳᠠᠭᠠᠭᠠᠯᠭᠠᠵᠤ ᠰᠢᠢᠳᠪᠦᠷᠢᠯᠡᠵᠡᠢ᠃

ᠰᠡᠳᠬᠢᠭᠳᠡᠯ ᠦᠯᠡᠳᠡᠭᠡᠬᠦ