ᠠᠰᠬᠠᠲᠤ ᠶᠢᠨ ᠣᠷᠳᠣ ᠶᠢᠨ ᠳᠠᠯᠳᠠ ᠠᠭᠤᠷᠬᠠᠢ ᠶᠢ ᠨᠡᠭᠡᠭᠡᠵᠦ ᠪᠠᠶᠢᠨ᠎ᠠ  | News.MN

ᠠᠰᠬᠠᠲᠤ ᠶᠢᠨ ᠣᠷᠳᠣ ᠶᠢᠨ ᠳᠠᠯᠳᠠ ᠠᠭᠤᠷᠬᠠᠢ ᠶᠢ ᠨᠡᠭᠡᠭᠡᠵᠦ ᠪᠠᠶᠢᠨ᠎ᠠ 

ᠪᠠᠶᠠᠨ-ᠥᠯᠥᠭᠡᠢ ᠠᠶᠢᠮᠠᠭ ᠤᠨ ᠣᠨᠴᠠᠭᠠᠢ ᠪᠠᠶᠢᠳᠠᠯ ᠤᠨ ᠭᠠᠵᠠᠷ ᠤᠨ ᠠᠯᠪᠠ ᠬᠠᠭᠠᠭᠴᠢᠳ᠂ ᠠᠰᠬᠠᠲᠤ ᠺᠣᠮᠫᠠᠨᠢ ᠶᠢᠨ ᠢᠨᠵᠧᠨᠧᠷ᠂ ᠲᠧᠭᠨᠢᠭ ᠦᠨ ᠠᠵᠢᠯᠴᠢᠳ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠬᠠᠷᠢᠶ᠎ᠠ ᠦᠨᠳᠦᠰᠦᠨ ᠦ ᠠᠪᠤᠷᠠᠬᠤ ᠪᠠᠷᠢᠭᠠᠳᠠ ᠶᠢᠨ ᠠᠭᠤᠯᠠ ᠠᠭᠤᠷᠬᠠᠢ ᠶᠢᠨ ᠠᠪᠤᠷᠠᠬᠤ ᠠᠯᠪᠠᠨ ᠤ ᠠᠪᠤᠷᠠᠭᠴᠢᠳ ᠲᠠᠢ ᠬᠠᠮᠲᠤᠷᠠᠨ ᠲᠤᠰ ᠠᠶᠢᠮᠠᠭ ᠤᠨ ᠨᠣᠭᠣᠭᠠᠨᠨᠠᠭᠤᠷ ᠰᠤᠮᠤ ᠶᠢᠨ ᠨᠤᠲᠤᠭ ᠳᠡᠪᠢᠰᠬᠡᠷ ᠲᠦ ᠤᠷᠤᠰᠢᠬᠤ ᠠᠰᠬᠠᠲᠤ ᠶᠢᠨ ᠮᠥᠩᠭᠥᠨ ᠦ ᠳᠠᠯᠳᠠ ᠠᠭᠤᠷᠬᠠᠢ ᠶᠢ ᠨᠡᠭᠡᠭᠡᠵᠦ ᠪᠠᠶᠢᠨ᠎ᠠ᠃  ᠵᠠᠰᠠᠭ ᠤᠨ ᠭᠠᠵᠠᠷ ᠠᠴᠠ ᠥᠭᠭᠦᠭᠰᠡᠨ ᠴᠢᠭᠯᠡᠯ ᠦᠨ ᠳᠠᠭᠠᠤ ᠠᠭᠤᠷᠬᠠᠢ ᠶᠢᠨ ᠠᠮᠠ ᠶᠢ ᠨᠡᠭᠡᠭᠡᠬᠦ ᠠᠵᠢᠯ ᠢ ᠥᠩᠭᠡᠷᠡᠭᠰᠡᠨ ᠰᠠᠷ᠎ᠠ ᠳᠤ ᠡᠬᠢᠯᠡᠭᠦᠯᠵᠡᠢ᠃ ᠮᠣᠩᠭᠣᠯ ᠤᠯᠤᠰ ᠤᠨ ᠰᠲᠷᠠᠲ᠋ᠧᠭᠢ ᠶᠢᠨ ᠣᠷᠳᠣ ᠪᠣᠯᠬᠤ ᠠᠰᠬᠠᠲᠤ ᠶᠢᠨ ᠮᠥᠩᠭᠥᠨ ᠦ ᠣᠷᠳᠣ ᠨᠢ 1991 ᠣᠨ ᠠᠴᠠ ᠬᠣᠶᠢᠰᠢ 29 ᠵᠢᠯ ᠦᠨ ᠲᠤᠷᠰᠢ ᠬᠠᠭᠠᠭᠳᠠᠭᠰᠠᠨ ᠪᠠᠶᠢᠳᠠᠯ ᠲᠠᠢ ᠪᠠᠶᠢᠭ᠎ᠠ᠃ ᠳᠡᠭᠡᠷ᠎ᠡ ᠳᠤᠷᠠᠳᠤᠭᠰᠠᠨ ᠬᠠᠮᠲᠤᠷᠠᠭᠰᠠᠨ ᠪᠠᠭ ᠳᠠᠯᠳᠠ ᠠᠭᠤᠷᠬᠠᠢ ᠶᠢ ᠨᠡᠭᠡᠭᠡᠬᠦ᠂ ᠣᠯᠠᠨ ᠤᠯᠤᠰ ᠤᠨ ᠯᠠᠪᠤᠷᠠᠲ᠋ᠣᠷᠢ ᠨᠤᠭᠤᠳ ᠲᠤ ᠶᠠᠪᠤᠭᠤᠯᠬᠤ 20 ᠲᠣᠨ ᠲᠧᠭᠨᠣᠯᠣᠭᠢ ᠶᠢᠨ ᠳᠡᠭᠡᠵᠢ ᠪᠡᠯᠡᠳᠬᠡᠬᠦ᠂ ᠣᠯᠠᠨ ᠵᠢᠯ ᠦᠨ ᠬᠤᠭᠤᠴᠠᠭᠠᠨ ᠳᠤ ᠬᠤᠩᠭᠠᠷᠯᠠᠵᠤ ᠲᠣᠭᠲᠠᠭᠰᠠᠨ ᠴᠠᠰᠤ᠂ ᠮᠥᠰᠥ ᠶᠢ ᠠᠷᠢᠯᠭᠠᠬᠤ᠂ ᠲᠡᠮᠦᠷ ᠬᠢᠴᠡ ᠪᠦᠬᠦᠢ ᠢᠨᠵᠧᠨᠧᠷ ᠦᠨ ᠪᠡᠬᠢᠯᠡᠭᠡ ᠶᠢ ᠰᠡᠷᠭᠦᠭᠡᠬᠦ ᠠᠵᠢᠯ ᠢ ᠳᠠᠯᠠᠢ ᠶᠢᠨ ᠲᠦᠪᠰᠢᠨ ᠡᠴᠡ 2780 ᠮᠧᠲ᠋ᠷ ᠥᠨᠳᠥᠷ ᠲᠦ᠂ -20-30 ᠬᠡᠮ ᠦᠨ ᠲᠡᠰᠬᠢᠮ᠎ᠡ ᠬᠦᠢᠲᠡᠨ ᠳᠦ ᠭᠦᠢᠴᠡᠳᠭᠡᠵᠦ ᠪᠠᠶᠢᠭ᠎ᠠ ᠶᠤᠮ ᠃
ᠲᠠᠰᠢᠷᠠᠮ ᠳᠤ ᠰᠠᠨᠠᠭᠤᠯᠬᠤ ᠳᠤ᠂ ᠠᠰᠬᠠᠲᠤ ᠶᠢᠨ ᠮᠥᠩᠭᠥᠨ ᠦ ᠣᠷᠳᠣ ᠶᠢ ᠡᠳ᠋ ᠍ ᠦᠨ ᠵᠠᠰᠠᠭ ᠤᠨ ᠡᠷᠭᠢᠯᠲᠡ ᠳᠦ ᠤᠷᠤᠭᠤᠯᠬᠤ ᠪᠡᠯᠡᠳᠬᠡᠯ ᠠᠵᠢᠯ ᠤᠨ ᠬᠦᠷᠢᠶᠡᠨ ᠳᠦ ᠵᠠᠰᠠᠭ ᠤᠨ ᠭᠠᠵᠠᠷ ᠤᠨ 2019 ᠣᠨ ᠤ ᠨᠢᠭᠡᠳᠦᠭᠡᠷ ᠰᠠᠷ᠎ᠠ ᠶᠢᠨ 16 ᠍ ᠤ ᠡᠳᠦᠷ ᠦᠨ ᠬᠤᠷᠠᠯᠳᠤᠭᠠᠨ ᠢᠶᠠᠷ  ᠲᠤᠰᠬᠠᠢ ᠵᠦᠪᠰᠢᠶᠡᠷᠡᠯ ᠢ ᠨᠢ ︽ᠡᠷᠳᠡᠨᠢᠰ ᠮᠣᠩᠭᠣᠯ︾ ᠺᠣᠮᠫᠠᠨᠢ ᠳᠤ ᠰᠢᠯᠵᠢᠭᠦᠯᠦᠭᠰᠡᠨ ᠶᠤᠮ᠃

ᠰᠡᠳᠬᠢᠭᠳᠡᠯ ᠦᠯᠡᠳᠡᠭᠡᠬᠦ