︽ᠶᠡᠷᠦᠩᠬᠡᠶᠢᠯᠡᠭᠴᠢ ᠶᠢᠨ ᠬᠣᠷᠢᠭ ᠦᠨᠳᠦᠰᠦᠯᠡᠯ ᠦᠭᠡᠢ︾ | News.MN

 ︽ᠶᠡᠷᠦᠩᠬᠡᠶᠢᠯᠡᠭᠴᠢ ᠶᠢᠨ ᠬᠣᠷᠢᠭ ᠦᠨᠳᠦᠰᠦᠯᠡᠯ ᠦᠭᠡᠢ︾

ᠶᠡᠷᠦᠩᠬᠡᠶᠢᠯᠡᠭᠴᠢ 2020 ᠣᠨ ᠤ ᠮᠣᠩᠭᠣᠯ ᠤᠯᠤᠰ ᠤᠨ ᠲᠥᠰᠥᠪ ᠦᠨ ᠬᠠᠤᠯᠢ ᠳᠤ ᠬᠡᠰᠡᠭᠴᠢᠯᠡᠨ ᠬᠣᠷᠢᠭ ᠲᠠᠯᠪᠢᠭᠠᠳ ᠪᠠᠶᠢᠭ᠎ᠠ᠃ ᠡᠭᠦᠨ ᠲᠡᠢ ᠬᠣᠯᠪᠣᠭᠳᠠᠭᠤᠯᠤᠨ ᠰᠠᠩ ᠤᠨ ᠰᠠᠶᠢᠳ ᠴ∙ᠬᠦᠷᠡᠯᠪᠠᠭᠠᠲᠤᠷ ᠠᠴᠠ ᠵᠠᠷᠢᠮ ᠵᠦᠢᠯ ᠢ ᠲᠣᠳᠣᠷᠠᠭᠤᠯᠤᠯ᠎ᠠ᠃
– ᠲᠠ ᠶᠡᠷᠦᠩᠬᠡᠶᠢᠯᠡᠭᠴᠢ ᠶᠢᠨ ᠬᠣᠷᠢᠭ ᠢ ᠬᠦᠯᠢᠶᠡᠨ ᠵᠦᠪᠰᠢᠶᠡᠷᠡᠵᠦ ᠪᠠᠶᠢᠭ᠎ᠠ ᠤᠤ ︖
– ᠶᠡᠷᠦᠩᠬᠡᠶᠢᠯᠡᠭᠴᠢ ᠶᠢᠨ ᠬᠣᠷᠢᠭ ᠦᠨᠳᠦᠰᠦᠯᠡᠯ ᠦᠭᠡᠢ᠃ ᠨᠡᠶᠢᠭᠡᠮ ᠤᠨ ᠳᠠᠭᠠᠳᠬᠠᠯ ᠤᠨ ᠰᠢᠮᠡᠳᠬᠡᠯ ᠦᠨ ᠨᠡᠮᠡᠭᠳᠡᠭᠦᠯᠬᠦ ᠬᠠᠤᠯᠢ 2017 ᠣᠨ ᠪᠤᠶᠤ 2.7 ᠵᠢᠯ ᠦᠨ ᠡᠮᠦᠨ᠎ᠡ ᠪᠠᠲᠤᠯᠠᠭᠳᠠᠭᠰᠠᠨ᠃ ᠣᠯᠠᠨ ᠤᠯᠤᠰ ᠤᠨ  ᠸᠠᠯᠢᠶᠤᠲ ᠤᠨ ᠰᠠᠩ ᠦᠨ ᠬᠥᠲᠥᠯᠪᠦᠷᠢ ᠶᠢᠨ ᠬᠦᠷᠢᠶᠡᠨ ᠳᠦ ᠬᠡᠷᠡᠭᠵᠢᠵᠦ ᠪᠠᠶᠢᠭ᠎ᠠ᠃ ᠣᠯᠠᠨ ᠤᠯᠤᠰ ᠤᠨ  ᠸᠠᠯᠢᠶᠤᠲ ᠦᠨ ᠰᠠᠩ ᠤᠨ ᠲᠠᠯᠪᠢᠭᠰᠠᠨ ᠱᠠᠭᠠᠷᠳᠠᠯᠭ᠎ᠠ ᠶᠢᠨ ᠨᠢᠭᠡ ᠪᠠᠶᠢᠭᠰᠠᠨ᠃ ᠬᠣᠷᠢᠭ ᠲᠠᠯᠪᠢᠵᠤ ᠪᠠᠶᠢᠭ᠎ᠠ ᠨᠢ ᠣᠯᠠᠨ ᠤᠯᠤᠰ ᠤᠨ ᠸᠠᠯᠢᠶᠤᠲ ᠤᠨ ᠰᠠᠩ ᠦᠨ ᠬᠥᠲᠥᠯᠪᠦᠷᠢ ᠶᠢ ᠡᠰᠡᠷᠭᠦᠴᠡᠵᠦ ᠪᠠᠶᠢᠨ᠎ᠠ ᠭᠡᠰᠡᠨ ᠦᠭᠡ᠃
– ᠶᠡᠷᠦᠩᠬᠡᠶᠢᠯᠡᠭᠴᠢ ᠶᠢᠨ ᠬᠣᠷᠢᠭ ᠲᠤ ᠲᠥᠰᠥᠪ ᠦᠨ ᠦᠷᠡᠯᠭᠡᠨ ᠵᠠᠷᠤᠳᠠᠯ ᠂ ᠠᠯᠪᠠᠨ ᠲᠤᠰᠢᠶᠠᠯᠲᠠᠳ ᠤᠨ ᠲᠠᠩᠰᠤᠭᠯᠠᠯ ᠢ ᠲᠠᠨᠤᠭ᠎ᠠ ᠦᠭᠡᠢ ᠭᠡᠵᠦ ᠳᠤᠷᠠᠳᠤᠭᠰᠠᠨ ᠪᠠᠶᠢᠭ᠎ᠠ᠃ ᠦᠨᠳᠦᠰᠦᠯᠡᠯ ᠢ ᠨᠢ ᠳᠡᠮᠵᠢᠵᠦ ᠪᠠᠶᠢᠨ᠎ᠠ ᠤᠤ ︖
– ᠣᠭᠲᠣ ᠳᠡᠮᠵᠢᠬᠦ ᠦᠭᠡᠢ ᠪᠠᠶᠢᠨ᠎ᠠ᠃ ᠰᠤᠷᠭᠠᠭᠤᠯᠢ᠂ ᠴᠡᠴᠡᠷᠯᠢᠭ᠂ ᠳᠡᠳ᠋ ᠪᠦᠲᠦᠴᠡ ᠳᠦ ᠬᠥᠷᠥᠩᠭᠡ ᠣᠷᠣᠭᠤᠯᠤᠯᠲᠠ ᠲᠤᠰᠬᠠᠭᠰᠠᠨ᠃ ᠳᠡᠭᠡᠷ᠎ᠡ ᠨᠢ ᠠᠶᠠᠯᠠᠯ ᠵᠢᠭᠤᠯᠴᠢᠯᠠᠯ ᠢ ᠬᠥᠭᠵᠢᠭᠦᠯᠬᠦ ᠱᠠᠭᠠᠷᠳᠠᠯᠭ᠎ᠠ ᠲᠠᠢ᠃
– ᠢᠷᠡᠬᠦ ᠣᠨ ᠤ ᠲᠥᠰᠥᠪ ᠲᠦ ᠣᠨ ᠳᠠᠮᠨᠠᠭᠤᠯᠤᠨ ᠬᠡᠷᠡᠭᠵᠢᠭᠦᠯᠬᠦ ᠬᠥᠷᠥᠩᠭᠡ ᠣᠷᠣᠭᠤᠯᠤᠯᠲᠠ ᠨᠤᠭᠤᠳ ᠲᠤᠰᠬᠠᠭᠳᠠᠭᠰᠠᠨ ᠢ ᠶᠡᠷᠦᠩᠬᠡᠶᠢᠯᠡᠭᠴᠢ ᠰᠢᠭᠦᠮᠵᠢᠯᠡᠭᠰᠡᠨ ᠪᠠᠶᠢᠭᠰᠠᠨ ︖
– ᠲᠡᠮᠦᠷ ᠵᠠᠮ ᠢ ᠬᠡᠳᠦᠢ ᠬᠢᠷᠢ ᠬᠤᠭᠤᠴᠠᠭᠠᠨ ᠳᠤ ᠪᠠᠷᠢᠳᠠᠭ ᠪᠢᠯᠡ ᠳ᠋ᠸ ᠂ ᠪᠠᠷᠢᠯᠭ᠎ᠠ ᠶᠢᠨ ᠠᠵᠢᠯ ᠬᠤᠭᠤᠴᠠᠭ᠎ᠠ ᠲᠠᠢ᠃ ᠲᠡᠭᠡᠬᠦ ᠪᠡᠷ ᠣᠨ ᠳᠠᠮᠨᠠᠵᠤ ᠬᠡᠷᠡᠭᠵᠢᠬᠦ ᠡᠴᠡ ᠠᠷᠭ᠎ᠠ ᠦᠭᠡᠢ᠃

ᠰᠡᠳᠬᠢᠭᠳᠡᠯ ᠦᠯᠡᠳᠡᠭᠡᠬᠦ