ᠰᠯᠣᠸᠠᠺ ᠦᠨ ᠡᠯᠴᠢᠨ ᠰᠠᠶᠢᠳ ᠤᠨ ᠶᠠᠮᠤᠨ ᠢ ᠨᠡᠭᠡᠭᠡᠨ᠎ᠡ | News.MN

ᠰᠯᠣᠸᠠᠺ ᠦᠨ ᠡᠯᠴᠢᠨ ᠰᠠᠶᠢᠳ ᠤᠨ ᠶᠠᠮᠤᠨ ᠢ ᠨᠡᠭᠡᠭᠡᠨ᠎ᠡ

 

ᠪᠦᠭᠦᠳᠡ ᠨᠠᠶᠢᠷᠠᠮᠳᠠᠬᠤ ᠰᠯᠣᠸᠠᠺ ᠤᠯᠤᠰ ᠲᠤ ᠪᠣᠯᠵᠤ ᠪᠤᠢ ᠧᠦ᠋ᠷᠣᠫᠠ ᠶᠢᠨ ᠠᠶᠤᠯᠭᠦᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠵᠥᠪᠯᠡᠯᠭᠡᠨ ᠤᠨ ᠰᠠᠶᠢᠳ ᠨᠠᠷ ᠤᠨ ᠵᠥᠪᠯᠡᠯ ᠦᠨ 26 ᠳ᠋ᠤᠭᠠᠷ ᠠᠭᠤᠯᠵᠠᠯᠲᠠ ᠶᠢᠨ ᠦᠶ᠎ᠡ ᠪᠡᠷ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠪᠦᠭᠦᠳᠡ ᠨᠠᠶᠢᠷᠠᠮᠳᠠᠬᠤ ᠰᠯᠣᠸᠠᠺ ᠤᠯᠤᠰ ᠤᠨ ᠭᠠᠳᠠᠭᠠᠳᠤ ᠪᠣᠯᠤᠨ ᠧᠦ᠋ᠷᠣᠫᠠ ᠶᠢᠨ ᠬᠡᠷᠡᠭ ᠦᠨ ᠰᠠᠶᠢᠳ ᠮ∙ᠯᠠᠶᠢᠴᠠᠺ ᠲᠠᠢ ᠠᠭᠤᠯᠵᠠᠵᠤ᠂  ︽ᠬᠠᠮᠲᠤ ᠶᠢᠨ ᠠᠵᠢᠯᠯᠠᠭᠠᠨ ᠤ ᠲᠤᠬᠠᠢ︾ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ᠂ ᠪᠦᠭᠦᠳᠡ ᠨᠠᠶᠢᠷᠠᠮᠳᠠᠬᠤ ᠰᠯᠣᠸᠠᠺ ᠤᠯᠤᠰ ᠤᠨ ᠭᠠᠳᠠᠭᠠᠳᠤ ᠪᠣᠯᠤᠨ ᠧᠦ᠋ᠷᠣᠫᠠ ᠶᠢᠨ ᠬᠡᠷᠡᠭ ᠦᠨ ᠶᠠᠮᠤᠨ ᠬᠣᠭᠣᠷᠣᠨᠳᠣ ᠶᠢᠨ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠪᠠ᠃
ᠠᠭᠤᠯᠵᠠᠯᠲᠠ ᠶᠢᠨ ᠦᠶ᠎ᠡ ᠪᠡᠷ ᠬᠣᠶᠠᠷ ᠲᠠᠯ᠎ᠠ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ ᠠᠰᠠᠭᠤᠳᠠᠯ ᠢᠶᠠᠷ ᠲᠠᠯ᠎ᠠ ᠨᠤᠭᠤᠳ ᠶᠠᠷᠢᠯᠴᠠᠵᠤ᠂ 2020 ᠣᠨ ᠤ ᠡᠬᠢᠨ ᠦ ᠬᠠᠭᠠᠰ ᠲᠤ ᠵᠥᠪᠯᠡᠯᠳᠦᠬᠦ ᠠᠭᠤᠯᠵᠠᠯᠲᠠ᠂ ᠪᠢᠽᠢᠨᠧᠰ ᠹᠣᠷᠣᠮ ᠵᠣᠬᠢᠶᠠᠨ ᠪᠠᠶᠢᠭᠤᠯᠬᠤ ᠴᠢᠭᠯᠡᠯ ᠢᠶᠡᠷ ᠠᠵᠢᠯᠯᠠᠬᠤ ᠪᠠᠷ ᠲᠣᠬᠢᠷᠠᠯᠴᠠᠯ᠎ᠠ᠃ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ᠂ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ ᠪᠣᠯᠤᠮᠵᠢ ᠶᠡᠬᠡ ᠪᠠᠶᠢᠭ᠎ᠠ ᠶᠢ ᠰᠠᠶᠢᠳ ᠮ∙ᠯᠠᠶᠢᠴᠠᠺ ᠣᠨᠴᠠᠯᠠᠵᠤ᠂ ᠤᠯᠠᠭᠠᠨᠪᠠᠭᠠᠲᠤᠷ ᠲᠤ ᠡᠯᠴᠢᠨ ᠰᠠᠶᠢᠳ ᠤᠨ ᠶᠠᠮᠤᠨ ᠢᠶᠠᠨ ᠠᠯᠢ ᠪᠣᠯᠬᠤ ᠣᠶᠢᠷ᠎ᠠ ᠶᠢᠨ ᠬᠤᠭᠤᠴᠠᠭᠠᠨ ᠳᠤ ᠨᠡᠭᠡᠭᠡᠬᠦ ᠡᠷᠡᠮᠡᠯᠵᠡᠯ ᠲᠡᠢ ᠪᠠᠶᠢᠳᠠᠭ ᠢᠶᠠᠨ ᠢᠯᠡᠷᠬᠡᠶᠢᠯᠡᠯ᠎ᠡ ᠭᠡᠵᠦ ᠭᠠᠳᠠᠭᠠᠳᠤ ᠬᠠᠷᠢᠯᠴᠠᠭᠠᠨ ᠤ ᠶᠠᠮᠤᠨ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ