ᠴᠠᠭᠳᠠᠭ᠎ᠠ ᠶᠢᠨ ᠬᠢᠨ ︽ᠬᠡᠦᠬᠡᠳ ᠦᠨ ᠡᠷᠬᠡ ᠬᠠᠮᠠᠭᠠᠯᠠᠭᠴᠢ︾ ᠱᠠᠩᠨᠠᠯ ᠢ ᠬᠦᠷᠲᠡᠯ᠎ᠡ  | News.MN

ᠴᠠᠭᠳᠠᠭ᠎ᠠ ᠶᠢᠨ ᠬᠢᠨ ︽ᠬᠡᠦᠬᠡᠳ ᠦᠨ ᠡᠷᠬᠡ ᠬᠠᠮᠠᠭᠠᠯᠠᠭᠴᠢ︾ ᠱᠠᠩᠨᠠᠯ ᠢ ᠬᠦᠷᠲᠡᠯ᠎ᠡ 

ᠴᠠᠭᠳᠠᠭ᠎ᠠ ᠶᠢᠨ ᠶᠡᠷᠦᠩᠬᠡᠢ ᠭᠠᠵᠠᠷ ᠤᠨ ᠤᠷᠢᠳᠴᠢᠯᠠᠨ ᠰᠡᠷᠭᠡᠶᠢᠯᠡᠬᠦ ᠬᠡᠯᠲᠡᠰ ᠦᠨ ᠬᠠᠮᠲᠤ ᠣᠯᠠᠨ ᠧᠦ᠋ᠷᠣᠫᠠ ᠶᠢᠨ ᠬᠣᠯᠪᠣᠭᠠᠨ ᠠᠴᠠ ᠣᠯᠭᠤᠳᠠᠭ ︽ᠬᠡᠦᠬᠡᠳ ᠦᠨ ᠡᠷᠬᠡ ᠬᠠᠮᠠᠭᠠᠯᠠᠭᠴᠢ︾ ᠬᠡᠮᠡᠬᠦ ᠱᠠᠩᠨᠠᠯ ᠢ  ᠬᠦᠷᠲᠡᠵᠡᠢ ᠃ ᠲᠣᠳᠣᠷᠠᠭᠤᠯᠪᠠᠯ᠂ ︽ᠣᠯᠠᠨ ᠤᠯᠤᠰ ᠤᠨ ᠬᠦᠮᠦᠨ ᠦ ᠡᠷᠬᠡ ᠶᠢᠨ ᠡᠳᠦᠷ︾᠍ ᠢ ᠲᠣᠬᠢᠶᠠᠯᠳᠤᠭᠤᠯᠤᠨ᠂ ᠬᠡᠦᠬᠡᠳ ᠦᠨ ᠡᠷᠬᠡ ᠶᠢ ᠬᠠᠮᠠᠭᠠᠯᠠᠬᠤ᠂ ᠬᠠᠤᠯᠢ ᠰᠠᠬᠢᠭᠤᠯᠬᠤ ᠴᠢᠭᠯᠡᠯ ᠢᠶᠡᠷ ᠵᠣᠬᠢᠶᠠᠨ ᠪᠠᠶᠢᠭᠤᠯᠵᠤ ᠪᠤᠢ ᠠᠵᠢᠯ ᠢ ᠨᠢ ᠦᠨᠡᠯᠡᠵᠦ᠂ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠲᠷᠠᠶᠠᠨ ᠯᠠᠦ᠋ᠷᠸᠨᠼᠢᠦ᠋ ᠾᠷᠢᠰᠲ᠋ᠢᠶᠠ ᠥᠴᠥᠭᠡᠳᠦᠷ  ︵12.09︶ ᠲᠤᠰ ᠱᠠᠩᠨᠠᠯ ᠢ ᠭᠠᠷᠳᠠᠭᠤᠯᠤᠨ ᠥᠭᠴᠡᠢ᠃
ᠴᠠᠭᠳᠠᠭ᠎ᠠ ᠶᠢᠨ ᠶᠡᠷᠦᠩᠬᠡᠢ ᠭᠠᠵᠠᠷ ᠤᠨ ᠤᠷᠢᠳᠴᠢᠯᠠᠨ ᠰᠡᠷᠭᠡᠶᠢᠯᠡᠬᠦ ᠬᠡᠯᠲᠡᠰ ᠡᠨᠡ ᠣᠨ ᠳᠤ ᠭᠡᠮᠲᠦ ᠬᠡᠷᠡᠭ᠂ ᠵᠥᠷᠢᠴᠡᠯ ᠡᠴᠡ ᠤᠷᠢᠳᠴᠢᠯᠠᠨ ᠰᠡᠷᠭᠡᠶᠢᠯᠡᠬᠦ ᠴᠢᠭᠯᠡᠯ ᠢᠶᠡᠷ ᠢᠯᠠᠩᠭᠤᠶ᠎ᠠ ᠬᠡᠦᠬᠡᠳ ᠬᠠᠮᠠᠭᠠᠯᠠᠯ ᠪᠣᠯᠤᠨ ᠭᠡᠷ ᠪᠦᠯᠢ ᠶᠢᠨ ᠬᠦᠴᠦᠷᠬᠡᠶᠢᠯᠡᠯ᠂ ᠴᠠᠬᠢᠮ ᠣᠷᠴᠢᠨ᠂ ᠵᠠᠮ ᠤᠨ ᠬᠥᠳᠡᠯᠭᠡᠭᠡᠨ ᠦ ᠠᠶᠤᠯᠭᠦᠢ ᠪᠠᠶᠢᠳᠠᠯ ᠢ ᠬᠠᠩᠭᠠᠬᠤ ᠴᠢᠭᠯᠡᠯ ᠢᠶᠡᠷ ᠨᠠᠢᠮᠠᠨ ᠲᠥᠷᠥᠯ ᠦᠨ ᠠᠶᠠᠨ ᠢ ᠤᠯᠤᠰ ᠤᠨ ᠬᠡᠮᠵᠢᠶᠡᠨ ᠳᠦ ᠵᠣᠬᠢᠶᠠᠨ ᠪᠠᠶᠢᠭᠤᠯᠵᠠᠢ᠃

ᠰᠡᠳᠬᠢᠭᠳᠡᠯ ᠦᠯᠡᠳᠡᠭᠡᠬᠦ