ᠣᠷᠣᠰ ᠤᠷᠤᠭᠤ ᠵᠢᠩᠨᠡᠭᠰᠡᠨ ᠮᠢᠬ᠎ᠠ ᠡᠺᠰᠫᠣᠷᠲᠯᠠᠨ᠎ᠠ  | News.MN

ᠣᠷᠣᠰ ᠤᠷᠤᠭᠤ ᠵᠢᠩᠨᠡᠭᠰᠡᠨ ᠮᠢᠬ᠎ᠠ ᠡᠺᠰᠫᠣᠷᠲᠯᠠᠨ᠎ᠠ 

ᠶᠡᠷᠦᠩᠬᠡᠢ ᠰᠠᠶᠢᠳ ᠤ᠊∙ᠬᠦᠷᠡᠯᠰᠦ᠋ᠬᠡ ᠶᠢᠨ ᠣᠷᠣᠰ ᠲᠤ ᠬᠢᠭᠰᠡᠨ ᠠᠯᠪᠠᠨ ᠶᠣᠰᠣᠨ ᠤ ᠠᠶᠢᠯᠴᠢᠯᠠᠯ ᠤᠨ ᠦᠶ᠎ᠡ ᠪᠡᠷ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠣᠷᠣᠰ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠲᠠᠢ ︽ᠬᠠᠮᠲᠤᠷᠠᠨ ᠠᠵᠢᠯᠯᠠᠬᠤ ᠬᠡᠯᠡᠯᠴᠡᠭᠡᠷ︾ ᠪᠠᠶᠢᠭᠤᠯᠤᠯ᠎ᠠ᠃ ᠮᠥᠨ ᠬᠣᠶᠠᠷ ᠲᠠᠩᠬᠢᠮ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ᠂ ᠡᠸᠦ᠋ᠷᠤ᠋ ᠠᠽᠢ ᠶᠢᠨ ᠡᠳ᠋ ᠍ ᠦᠨ ᠵᠠᠰᠠᠭ ᠤᠨ ᠬᠣᠯᠪᠣᠭᠠᠨ ᠤ ᠠᠵᠢᠯ ᠬᠡᠷᠡᠭ ᠦᠨ ᠵᠥᠪᠯᠡᠯ ᠲᠡᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠢ ᠲᠤᠰ ᠲᠤᠰ ᠪᠠᠶᠢᠭᠤᠯᠪᠠ᠃
ᠬᠡᠯᠡᠯᠴᠡᠭᠡᠷ ᠦᠨ ᠳᠠᠭᠠᠤ ᠴᠢᠨᠠᠭᠰᠢᠳᠠ ᠨᠢᠭᠡᠳᠦᠭᠰᠡᠨ ᠪᠣᠳᠣᠯᠭ᠎ᠠ ᠪᠠᠷ ᠣᠷᠣᠰ ᠤᠷᠤᠭᠤ ᠵᠢᠩᠨᠡᠭᠰᠡᠨ ᠮᠢᠬ᠎ᠠ ᠭᠠᠷᠭᠠᠬᠤ᠂ ᠬᠤᠶᠢᠳᠤ ᠬᠥᠷᠰᠢ ᠳᠦ ᠨᠤᠯᠤᠤᠷ  ᠤᠨ ᠡᠷᠢᠯᠲᠡ ᠪᠤᠢ ᠪᠣᠯᠭᠠᠬᠤ ᠳᠤ ᠣᠷᠣᠰ ᠤᠨ ᠬᠤᠳᠠᠯᠳᠤᠭᠠᠨ ᠤ ᠲᠠᠩᠬᠢᠮ ᠲᠠᠢ ᠬᠠᠮᠲᠤᠷᠠᠨ ᠠᠵᠢᠯᠯᠠᠬᠤ ᠪᠠᠷ ᠪᠣᠯᠪᠠ᠃ ᠮᠥᠨ ᠰᠢᠲᠠᠬᠤᠨ ᠤ ᠳᠤᠲᠠᠭᠤ ᠠᠴᠢᠯᠲᠠ ᠶᠢ ᠢᠮᠫᠣᠷᠲᠯᠠᠭᠴᠢ ᠨᠥᠬᠥᠨ ᠣᠯᠭᠤᠳᠠᠭ ᠪᠣᠯᠬᠤ ᠵᠣᠬᠢᠴᠠᠭᠤᠯᠤᠯᠲᠠ ᠶᠢᠨ ᠲᠠᠯ᠎ᠠ ᠪᠠᠷ ᠲᠠᠯ᠎ᠠ ᠨᠤᠭᠤᠳ ᠶᠠᠷᠢᠯᠴᠠᠵᠤ᠂ ᠬᠣᠶᠠᠷ ᠤᠯᠤᠰ ᠤᠨ ᠺᠣᠮᠫᠠᠨᠢ ᠨᠤᠭᠤᠳ ᠤᠨ ᠮᠡᠳᠡᠭᠡᠯᠡᠯ ᠢ ᠣᠷᠴᠢᠭᠤᠯᠵᠤ ᠬᠤᠪᠢᠶᠠᠯᠴᠠᠳᠠᠭ ᠴᠠᠬᠢᠮ ᠲᠠᠯᠠᠪᠤᠷ ᠨᠡᠭᠡᠭᠡᠬᠦ ᠪᠡᠷ ᠪᠣᠯᠤᠯ᠎ᠠ᠃

ᠰᠡᠳᠬᠢᠭᠳᠡᠯ ᠦᠯᠡᠳᠡᠭᠡᠬᠦ