ᠵ∙ᠪᠠᠲᠤᠮᠦ᠋ᠩᠬᠡ ᠠᠭᠰᠠᠨ ᠤ ᠬᠥᠰᠢᠭᠡᠨ ᠳᠦ ᠬᠦᠨᠳᠦᠳᠬᠡᠯ ᠢᠯᠡᠷᠬᠡᠶᠢᠯᠡᠪᠡ  | News.MN

ᠵ∙ᠪᠠᠲᠤᠮᠦ᠋ᠩᠬᠡ ᠠᠭᠰᠠᠨ ᠤ ᠬᠥᠰᠢᠭᠡᠨ ᠳᠦ ᠬᠦᠨᠳᠦᠳᠬᠡᠯ ᠢᠯᠡᠷᠬᠡᠶᠢᠯᠡᠪᠡ 

ᠠᠷᠠᠳᠴᠢᠯᠠᠯ᠂ ᠬᠦᠮᠦᠨ ᠦ ᠡᠷᠬᠡ ᠶᠢᠨ ᠡᠳᠦᠷ ᠢ ᠲᠣᠬᠢᠶᠠᠯᠳᠤᠭᠤᠯᠤᠨ ᠲᠥᠷᠥ ᠨᠡᠶᠢᠭᠡᠮ ᠤᠨ ᠨᠡᠷᠡᠲᠦ ᠵᠢᠳᠬᠦᠯᠲᠡᠨ᠂ ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠤᠨ ᠰᠠᠶᠢᠳ ᠨᠠᠷ ᠤᠨ ᠵᠥᠪᠯᠡᠯ ᠦᠨ ᠳᠠᠷᠤᠭ᠎ᠠ᠂ ᠫᠷᠣᠹᠧᠰᠰᠣᠷ ᠵ∙ᠪᠠᠲᠤᠮᠦ᠋ᠩᠬᠡ ᠠᠭᠰᠠᠨ ᠤ ᠬᠥᠰᠢᠭᠡᠨ ᠳᠦ ᠮᠤᠩᠭᠤᠯ ᠠᠷᠠᠳ ᠤᠨ ᠨᠠᠮ ᠤᠨ ᠤᠳᠤᠷᠢᠳᠤᠯᠭ᠎ᠠ ᠨᠠᠷ ᠥᠨᠥᠳᠥᠷ ᠴᠡᠴᠡᠭ ᠡᠷᠭᠦᠵᠦ᠂ ᠬᠦᠨᠳᠦᠳᠬᠡᠯ ᠢᠯᠡᠷᠬᠡᠶᠢᠯᠡᠪᠡ᠃ ᠶᠣᠰᠣᠯᠠᠯ ᠳᠤ ᠮᠤᠩᠭᠤᠯ ᠠᠷᠠᠳ ᠤᠨ ᠨᠠᠮ ᠤᠨ  ᠬᠢᠨ᠂ ᠮᠥᠨ ᠵ∙ᠪᠠᠲᠤᠮᠦ᠋ᠩᠬᠡ ᠠᠭᠰᠠᠨ ᠤ ᠭᠡᠷᠭᠡᠢ ᠠ᠊∙ᠳ᠋ᠠᠷᠢᠮ᠎ᠠ ᠪᠣᠯᠤᠨ ᠲᠥᠷᠦᠯ ᠲᠥᠷᠦᠭᠰᠡᠳ᠂ ᠬᠠᠮᠲᠤᠷᠠᠨ ᠵᠢᠳᠬᠦᠭᠴᠢᠳ ᠨᠢ ᠣᠷᠣᠯᠴᠠᠪᠠ᠃ ᠮᠤᠩᠭᠤᠯ ᠠᠷᠠᠳ ᠤᠨ  ᠨᠠᠮ ᠤᠨ  ᠵᠤᠬᠢᠶᠠᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠪ∙ᠪᠠᠶᠠᠷᠪᠠᠭᠠᠲᠤᠷ᠄ 30 ᠵᠢᠯ ᠦᠨ ᠡᠮᠦᠨᠡᠬᠢ ᠡᠨᠡ ᠡᠳᠦᠷ ᠪᠣᠯᠤᠭᠰᠠᠨ ᠠᠷᠠᠳᠴᠢᠯᠠᠯ ᠤᠨ ᠲᠥᠯᠦᠭᠡᠬᠢ ᠠᠩᠬᠠᠨ ᠤ ᠴᠤᠭᠯᠠᠭᠠᠨ ᠠᠴᠠ ᠬᠣᠶᠢᠰᠢ ᠮᠣᠩᠭᠣᠯᠴᠤᠳ ᠠᠷᠠᠳᠴᠢᠯᠠᠯ ᠳᠤ ᠠᠯᠬᠤᠮ ᠲᠤᠲᠤᠮ ᠳᠤ ᠪᠠᠨ ᠰᠤᠷᠤᠯᠴᠠᠵᠤ ᠤᠳᠤ ᠶᠢ ᠬᠦᠷᠴᠡᠢ᠃ ᠮᠣᠩᠭᠣᠯ ᠤᠯᠤᠰ ᠠᠷᠠᠳᠴᠢᠯᠠᠭᠰᠠᠨ ᠴᠢᠯᠦᠭᠡᠲᠦ ᠵᠠᠬ᠎ᠠ ᠵᠡᠭᠡᠯᠢ ᠶᠢᠨ ᠨᠡᠶᠢᠭᠡᠮ ᠳᠦ ᠰᠢᠯᠵᠢᠬᠦ ᠲᠡᠦᠬᠡᠨ ᠮᠥᠴᠡ ᠳᠦ ᠵ∙ᠪᠠᠲᠤᠮᠦ᠋ᠩᠬᠡ ᠲᠥᠷᠥ ᠶᠢᠨ ᠲᠡᠷᠢᠭᠦᠨ ᠦ ᠬᠤᠪᠢ ᠪᠠᠷ ᠤᠬᠠᠭᠠᠯᠢᠭ ᠮᠡᠷᠭᠡᠨ ᠪᠣᠳᠣᠯᠭ᠎ᠠ ᠶᠠᠪᠤᠭᠤᠯᠤᠭᠰᠠᠨ᠃ ᠡᠭᠡᠵᠢᠭᠲᠡᠢ ᠦᠶ᠎ᠡ ᠳᠦ ᠲᠡᠷᠡ ᠪᠡᠷ ᠲᠡᠦᠬᠡᠨ ᠰᠢᠢᠳᠪᠦᠷᠢ ᠭᠠᠷᠭᠠᠵᠤ ᠂ ᠤᠯᠤᠰ ᠲᠦᠷᠦ ᠶᠢᠨ ᠲᠣᠪᠴᠢᠶ᠎ᠠ ᠶᠢ ᠪᠦᠷᠢᠨ ᠪᠦᠷᠢᠯᠳᠦᠬᠦᠨ ᠢᠶᠡᠷ ᠣᠭᠴᠣᠷᠠᠭᠤᠯᠤᠭᠰᠠᠨ ᠨᠢ ᠤᠭᠤᠲᠤᠨ᠎ᠠ ᠶᠢᠨ ᠬᠠᠮᠠᠷ ᠠᠴᠠ ᠴᠢᠰᠤ ᠭᠠᠷᠭᠠᠭ᠎ᠠ ᠦᠭᠡᠢ ᠪᠤᠢ ᠪᠣᠯᠤᠭᠰᠠᠨ ᠠᠷᠠᠳᠴᠢᠯᠠᠯ ᠤᠨ ᠰᠠᠭᠤᠷᠢ ᠶᠢ ᠲᠠᠯᠪᠢᠭᠰᠠᠨ ᠭᠡᠵᠦ ᠵᠦᠢ ᠶᠣᠰᠣᠭᠠᠷ ᠦᠨᠡᠯᠡᠳᠡᠭ᠃ ᠡᠭᠦᠪᠡᠷ ᠢᠶᠡᠨ ᠵ∙ᠪᠠᠲᠤᠮᠦ᠋ᠩᠬᠡ ᠮᠣᠩᠭᠣᠯ ᠳᠤ ᠠᠷᠠᠳᠴᠢᠯᠠᠯ ᠪᠦᠷᠢᠨ ᠢᠯᠠᠬᠤ ᠳᠤ ᠭᠠᠪᠢᠶ᠎ᠠ ᠪᠠᠶᠢᠭᠤᠯᠤᠭᠰᠠᠨ ᠲᠡᠦᠬᠡ ᠲᠡᠢ ᠬᠡᠮᠡᠨ ᠣᠨᠴᠠᠯᠠᠭᠰᠠᠨ᠃
ᠵ∙ᠪᠠᠲᠤᠮᠦ᠋ᠩᠬᠡ ᠨᠢ ᠶᠡᠬᠡ ᠰᠤᠷᠭᠠᠭᠤᠯᠢ ᠶᠢᠨ ᠪᠠᠭᠰᠢ ᠠᠴᠠ ᠬᠥᠳᠡᠯᠮᠦᠷᠢ ᠶᠢᠨ ᠭᠠᠷᠤᠭ᠎ᠠ ᠪᠠᠨ ᠡᠬᠢᠯᠡᠵᠦ᠂ ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠤᠨ ᠰᠠᠶᠢᠳ ᠨᠠᠷ ᠤᠨ ᠵᠥᠪᠯᠡᠯ ᠦᠨ ᠣᠷᠣᠯᠠᠭᠴᠢ ᠳᠠᠷᠤᠭ᠎ᠠ᠂ ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠤᠨ ᠰᠠᠶᠢᠳ ᠨᠠᠷ ᠤᠨ ᠵᠥᠪᠯᠡᠯ ᠦᠨ ᠳᠠᠷᠤᠭ᠎ᠠ ᠪᠤᠶᠤ ᠶᠡᠷᠦᠩᠬᠡᠢ ᠰᠠᠶᠢᠳ ᠢᠶᠠᠷ ᠲᠣᠮᠢᠯᠠᠭᠳᠠᠨ ᠠᠵᠢᠯᠯᠠᠭᠰᠠᠨ ᠵᠢᠳᠬᠦᠯᠲᠡᠨ ᠪᠠᠶᠢᠪᠠ᠃ ᠲᠡᠷᠡᠪᠡᠷ 1984 ᠣᠨ ᠬᠦᠷᠲᠡᠯ᠎ᠡ ᠶᠡᠷᠦᠩᠬᠡᠢ ᠰᠠᠶᠢᠳ ᠢᠶᠠᠷ᠂ 1984 ᠣᠨ ᠠᠴᠠ ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ ᠦᠨ ᠳᠠᠷᠤᠭ᠎ᠠ ᠪᠤᠶᠤ ᠲᠥᠷᠥ ᠶᠢᠨ ᠲᠡᠷᠢᠭᠦᠨ ᠢᠶᠡᠷ ᠠᠵᠢᠯᠯᠠᠵᠤ ᠪᠠᠶᠢᠵᠠᠢ᠃

ᠰᠡᠳᠬᠢᠭᠳᠡᠯ ᠦᠯᠡᠳᠡᠭᠡᠬᠦ