︽ᠲᠣᠷᠭᠠᠨ ᠤ ᠵᠠᠮ︾ ᠬᠤᠲᠠ ᠶᠢᠨ ᠬᠤᠯᠪᠤᠭ᠎ᠠ ᠴᠢᠭᠤᠯᠵᠤ ᠪᠠᠶᠢᠨ᠎ᠠ | News.MN

︽ᠲᠣᠷᠭᠠᠨ ᠤ ᠵᠠᠮ︾ ᠬᠤᠲᠠ ᠶᠢᠨ ᠬᠤᠯᠪᠤᠭ᠎ᠠ ᠴᠢᠭᠤᠯᠵᠤ ᠪᠠᠶᠢᠨ᠎ᠠ

︽ᠲᠣᠷᠭᠠᠨ ᠤ ᠵᠠᠮ︾ ᠬᠣᠲᠠ ᠨᠤᠭᠤᠳ ᠤᠨ ᠬᠣᠯᠪᠣᠭᠠᠨ ᠤ ᠠᠩᠬᠠᠳᠤᠭᠠᠷ ᠴᠢᠭᠤᠯᠭᠠᠨ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠵᠠᠩ ᠵᠢᠶᠠ ᠵᠢᠶ᠋ᠸ ᠬᠤᠲᠠ ᠳᠤ ᠪᠣᠯᠵᠤ ᠪᠠᠶᠢᠨ᠎ᠠ᠃ ᠡᠨᠡ ᠬᠣᠯᠪᠣᠭ᠎ᠠ ᠨᠢ ᠥᠩᠭᠡᠷᠡᠭᠰᠡᠨ ᠣᠨ ᠤ 11 ᠳ᠋ᠤᠭᠡᠷ ᠰᠠᠷ᠎ᠠ ᠳᠤ ︽ᠲᠣᠷᠭᠠᠨ ᠤ ᠵᠠᠮ︾ ᠣᠯᠠᠨ ᠤᠯᠤᠰ ᠤᠨ ᠬᠤᠳᠠᠯᠳᠤᠭᠠᠨ ᠤ ᠲᠠᠩᠬᠢᠮ ᠤᠨ ᠳᠡᠷᠭᠡᠳᠡ ᠪᠠᠶᠢᠭᠤᠯᠤᠭᠳᠠᠵᠤ  ᠡᠶᠢᠨ ᠬᠦ ᠠᠩᠬᠠᠨ ᠤ ᠴᠢᠭᠤᠯᠭᠠᠨ ᠢᠶᠠᠨ ᠬᠢᠵᠦ ᠪᠠᠶᠢᠨ᠎ᠠ ᠃ ︽ᠲᠣᠷᠭᠠᠨ ᠤ ᠵᠠᠮ︾ ᠣᠯᠠᠨ ᠤᠯᠤᠰ ᠤᠨ ᠬᠤᠳᠠᠯᠳᠤᠭᠠᠨ ᠤ ᠲᠠᠩᠬᠢᠮ ᠤᠨ ᠳᠡᠭᠡᠳᠦ ᠬᠡᠮᠡᠵᠢᠨ ᠦ ᠴᠢᠭᠤᠯᠭ᠎ᠠ ᠠᠭᠤᠯᠵᠠᠯᠲᠠ ᠳᠤ 22 ᠣᠷᠣᠨ ᠤ 58 ᠬᠣᠲᠠ ᠶᠢᠨ ᠬᠣᠯᠪᠣᠭ᠎ᠠ ᠣᠷᠣᠯᠴᠠᠵᠤ᠂ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠯ᠎ᠠ᠃ ᠡᠨᠡ ᠦᠶ᠎ᠡ ᠪᠡᠷ ᠮᠠᠨ ᠤ ᠤᠯᠤᠰ ᠠᠴᠠ ᠳᠣᠷᠣᠨᠠᠭᠣᠪᠢ ᠠᠶᠢᠮᠠᠭ ᠲᠣᠷᠭᠠᠨ ᠤ ᠵᠠᠮ ᠤᠨ ᠬᠣᠲᠠ ᠨᠤᠭᠤᠳ ᠤᠨ ᠬᠣᠯᠪᠣᠭᠠᠨ ᠳᠤ ᠠᠯᠪᠠᠨ ᠶᠣᠰᠣᠭᠠᠷ ᠡᠯᠰᠡᠵᠦ᠂ ᠵᠠᠩ ᠵᠢᠶᠠ ᠵᠢᠶ᠋ᠸ ᠬᠣᠲᠠ ᠲᠠᠢ ᠨᠠᠶᠢᠷᠰᠠᠭ ᠢᠶᠠᠷ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠤᠯ᠎ᠠ᠃
ᠴᠢᠭᠤᠯᠭ᠎ᠠ ᠠᠭᠤᠯᠵᠠᠯᠲᠠ ᠳᠤ ᠤᠯᠤᠰ ᠤᠨ ᠶᠡᠬᠡ ᠬᠤᠷᠠᠯ ᠤᠨ ᠭᠡᠰᠢᠭᠦᠨ᠂ ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠠᠢ ᠬᠠᠮᠲᠤᠷᠠᠨ ᠠᠵᠢᠯᠯᠠᠬᠤ ᠠᠵᠢᠯ ᠬᠡᠷᠡᠭ ᠦᠨ ᠵᠥᠪᠯᠡᠯ ᠦᠨ ᠲᠡᠷᠢᠭᠦᠨ ᠰ ᠂ ᠪᠢᠮᠪᠠᠴᠤᠭᠲᠤ ᠲᠡᠷᠢᠭᠦᠲᠡᠢ ᠳᠠᠷᠬᠠᠨ-ᠠᠭᠤᠯᠠ᠂ ᠳᠣᠷᠣᠨᠠᠭᠣᠪᠢ᠂ ᠳᠣᠷᠣᠨᠠᠲᠤ᠂ ᠲᠥᠪ ᠠᠶᠢᠮᠠᠭ ᠤᠨ ᠵᠠᠰᠠᠭ ᠳᠠᠷᠤᠭ᠎ᠠ᠂ ᠤᠳᠤᠷᠢᠳᠬᠤ ᠠᠵᠢᠯᠲᠠᠳ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠶᠡᠷᠦᠩᠬᠡᠶᠢᠯᠡᠭᠴᠢ ᠣ᠊∙ᠠᠮᠤᠷᠲᠦ᠋ᠪᠰᠢᠨ ᠨᠠᠷ ᠣᠷᠣᠯᠴᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ