ᠦᠨᠳᠦᠰᠦᠨ ᠦ ᠰᠲ᠋ᠠᠨᠳᠠᠷᠲ ᠪᠣᠯᠪᠠᠰᠤᠷᠠᠭᠤᠯᠤᠨ ᠪᠠᠲᠤᠯᠠᠭᠤᠯᠤᠯ᠎ᠠ  | News.MN

ᠦᠨᠳᠦᠰᠦᠨ ᠦ ᠰᠲ᠋ᠠᠨᠳᠠᠷᠲ ᠪᠣᠯᠪᠠᠰᠤᠷᠠᠭᠤᠯᠤᠨ ᠪᠠᠲᠤᠯᠠᠭᠤᠯᠤᠯ᠎ᠠ 

ᠮᠡᠷᠭᠡᠵᠢᠯ ᠦᠨ ᠬᠢᠨᠠᠯᠲᠠ ᠶᠢᠨ ᠶᠡᠷᠦᠩᠬᠡᠢ ᠭᠠᠵᠠᠷ  ᠤᠨ ᠳᠡᠷᠭᠡᠳᠡᠬᠢ ᠬᠦᠨᠡᠰᠦᠨ ᠦ ᠠᠶᠤᠯᠭᠦᠢ ᠪᠠᠶᠢᠳᠠᠯ ᠤᠨ ᠦᠨᠳᠦᠰᠦᠨ ᠦ ᠯᠠᠪᠯᠠᠯᠭ᠎ᠠ ᠯᠠᠪᠤᠷᠠᠲ᠋ᠣᠷᠢ᠂ ᠮᠡᠷᠭᠡᠵᠢᠯ ᠦᠨ ᠬᠢᠨᠠᠯᠲᠠ ᠶᠢᠨ ᠶᠡᠷᠦᠩᠬᠡᠢ ᠭᠠᠵᠠᠷ᠍ ᠤᠨ ᠨᠢᠭᠡᠳᠦᠭᠰᠡᠨ ᠲᠥᠪ ᠯᠠᠪᠤᠷᠠᠲ᠋ᠣᠷᠢ ᠂ ᠬᠠᠨ-ᠠᠭᠤᠯᠠ ᠳᠡᠭᠦᠷᠭᠡ ᠳ᠋ᠡᠬᠢ ᠮᠡᠷᠭᠡᠵᠢᠯ ᠦᠨ ᠬᠢᠨᠠᠯᠲᠠ ᠶᠢᠨ ᠬᠡᠯᠲᠡᠰ ᠦᠨ ᠤᠳᠤᠷᠢᠳᠤᠯᠭ᠎ᠠ ᠬᠠᠮᠲᠤᠷᠠᠨ ᠰᠢᠨᠵᠢᠯᠡᠭᠡᠲᠦ ᠬᠢᠨᠠᠯᠲᠠ ᠶᠢᠨ ᠡᠷᠬᠡ ᠵᠦᠢ ᠶᠢᠨ ᠣᠷᠴᠢᠨ ᠢ ᠪᠣᠯᠪᠠᠰᠤᠷᠠᠩᠭᠤᠢ ᠪᠣᠯᠭᠠᠬᠤ ᠴᠢᠭᠯᠡᠯ ᠢᠶᠡᠷ ᠮᠣᠩᠭᠣᠯ ᠤᠯᠤᠰ ᠤᠨ ᠦᠨᠳᠦᠰᠦᠨ ᠦ ᠰᠲ᠋ᠠᠨᠳᠠᠷᠲ – ᠤᠰᠤᠨ ᠤ ᠴᠢᠨᠠᠷ᠂ ᠬᠦᠨᠳᠦ ᠮᠧᠲ᠋ᠠᠯ ᠤᠨ ᠦᠯᠡᠳᠡᠭᠳᠡᠯ ᠲᠣᠳᠣᠷᠬᠠᠶᠢᠯᠠᠬᠤ ᠠᠲ᠋ᠣᠮ ᠰᠢᠩᠭᠡᠭᠡᠯᠲᠡ ᠶᠢᠨ ᠭᠷᠡᠹᠲ ᠰᠢᠰᠲ᠋ᠧᠮ ᠦᠨ ᠠᠷᠭ᠎ᠠ MNS ISO 15586᠄ 2019 ᠣᠷᠴᠢᠭᠤᠯᠭ᠎ᠠ ᠶᠢᠨ ᠰᠲ᠋ᠠᠨᠳᠠᠷᠲ ᠢ ᠰᠢᠨ᠎ᠡ ᠪᠡᠷ ᠪᠣᠯᠪᠠᠰᠤᠷᠠᠭᠤᠯᠤᠨ ᠰᠲ᠋ᠠᠨᠳᠠᠷᠲ ᠬᠡᠮᠵᠢᠯ ᠵᠦᠢ ᠶᠢᠨ  ᠦᠨᠳᠦᠰᠦᠨ ᠦ ᠵᠥᠪᠯᠡᠯ ᠢᠶᠡᠷ ᠪᠠᠲᠤᠯᠠᠭᠤᠯᠵᠤ ᠂ 2019 ᠣᠨ ᠤ ᠠᠷᠪᠠᠨ ᠬᠣᠶᠠᠳᠤᠭᠠᠷ ᠰᠠᠷ᠎ᠠ ᠠᠴᠠ ᠡᠬᠢᠯᠡᠨ ᠮᠥᠷᠳᠡᠭᠳᠡᠵᠦ ᠡᠬᠢᠯᠡᠯ᠎ᠡ ᠃
ᠪᠣᠯᠪᠠᠰᠤᠷᠠᠯ ᠤᠨ ᠬᠢᠨᠠᠯᠲᠠ ᠶᠢᠨ ᠴᠢᠭᠯᠡᠯ ᠢᠶᠡᠷ᠄ ᠲᠥᠷᠥ ᠡᠴᠡ ᠪᠦᠬᠦ ᠱᠠᠲᠤᠨ ᠤ ᠪᠣᠯᠪᠠᠰᠤᠷᠠᠯ ᠤᠨ ᠲᠣᠭᠲᠠᠯᠴᠠᠭᠠᠨ ᠳᠤ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠰᠤᠷᠴᠤ ᠪᠣᠯᠪᠠᠰᠤᠷᠠᠬᠤ᠂ ᠮᠡᠷᠭᠡᠵᠢᠯ ᠡᠵᠡᠮᠰᠢᠬᠦ ᠨᠥᠬᠥᠴᠡᠯ ᠢ ᠪᠦᠷᠢᠳᠦᠭᠦᠯᠬᠦ᠂ ᠲᠣᠬᠢᠷᠠᠬᠤ ᠬᠡᠷᠡᠭᠯᠡᠭᠳᠡᠬᠦᠨ ᠢᠶᠡᠷ ᠬᠠᠩᠭᠠᠵᠤ᠂ ᠳᠡᠮᠵᠢᠯᠭᠡ ᠲᠤᠰᠠᠯᠠᠯᠴᠠᠭ᠎ᠠ ᠦᠵᠡᠭᠦᠯᠬᠦ᠂ ᠲᠤᠰᠬᠠᠢ ᠬᠡᠷᠡᠭᠴᠡᠭᠡᠲᠦ ᠬᠦᠮᠦᠨ ᠦ ᠣᠨᠴᠠᠯᠢᠭ ᠬᠡᠷᠡᠭᠴᠡᠭᠡ᠂ ᠱᠠᠭᠠᠷᠳᠠᠯᠭ᠎ᠠ ᠳᠤ ᠨᠡᠶᠢᠴᠡᠭᠰᠡᠨ ᠰᠤᠷᠭᠠᠯᠲᠠ ᠶᠢᠨ ᠬᠥᠲᠥᠯᠪᠦᠷᠢ᠂ ᠰᠲ᠋ᠠᠨᠳᠠᠷᠲ ᠢ ᠪᠣᠯᠪᠠᠰᠤᠷᠠᠭᠤᠯᠬᠤ᠂ ᠲᠤᠰᠬᠠᠢ ᠬᠡᠷᠡᠭᠴᠡᠭᠡᠲᠦ ᠪᠣᠯᠪᠠᠰᠤᠷᠠᠯ ᠤᠨ ᠰᠤᠷᠭᠠᠯᠲᠠ ᠶᠢᠨ ᠲᠥᠯᠥᠪᠯᠡᠭᠡ᠂ ᠬᠥᠲᠥᠯᠪᠦᠷᠢ ᠶᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠪᠠᠷ ᠪᠠᠲᠤᠯᠠᠭᠠᠵᠢᠭᠤᠯᠳᠠᠭ ᠪᠣᠯᠬᠤ᠂ ᠲᠤᠰᠬᠠᠢ ᠬᠡᠷᠡᠭᠴᠡᠭᠡᠲᠦ  ᠮᠡᠷᠭᠡᠵᠢᠯ ᠰᠤᠷᠭᠠᠯᠲᠠ ᠦᠢᠯᠡᠳᠪᠤᠷᠢᠯᠡᠯ ᠤᠨ ᠲᠦᠪ ᠍ ᠦᠨ ᠰᠤᠷᠭᠠᠯᠲᠠ ᠶᠢᠨ ᠦᠢᠯᠡ ᠠᠵᠢᠯᠯᠠᠭᠠᠨ ᠤ ᠨᠥᠬᠥᠴᠡᠯ ᠱᠠᠭᠠᠷᠳᠠᠯᠭ᠎ᠠ ᠳᠤ ᠨᠡᠶᠢᠴᠡᠭᠰᠡᠨ ᠬᠠᠤᠯᠢ ᠲᠣᠭᠲᠠᠭᠠᠮᠵᠢ᠂ ᠰᠤᠷᠭᠠᠯᠲᠠ ᠶᠢᠨ ᠰᠲ᠋ᠠᠨᠳᠠᠷᠲ ᠢ ᠪᠣᠯᠪᠠᠰᠤᠷᠠᠭᠤᠯᠬᠤ᠂ ᠡᠷᠬᠡ ᠵᠦᠢ ᠶᠢᠨ ᠵᠣᠬᠢᠴᠠᠭᠤᠯᠤᠯᠲᠠ ᠬᠢᠬᠦ ᠰᠠᠨᠠᠯ ᠢ ᠲᠩᠷᠢ ᠳᠡᠭᠡᠳᠦ ᠰᠤᠷᠭᠠᠭᠤᠯᠢ ᠶᠢᠨ 2014᠂ 2015 ᠣᠨ ᠳᠤ ᠵᠥᠪᠰᠢᠶᠡᠷᠡᠯ ᠠᠪᠤᠭᠰᠠᠨ ᠪᠠᠭᠰᠢ᠂ ᠨᠡᠶᠢᠭᠡᠮ ᠤᠨ ᠤᠬᠠᠭᠠᠨ ᠤ ᠪᠣᠯᠪᠠᠰᠤᠷᠠᠯ᠂ ᠪᠠᠭᠰᠢ᠂  ᠲᠤᠭᠠᠨ ᠤ ᠤᠬᠠᠭᠠᠨ ᠤ  ᠪᠣᠯᠪᠠᠰᠤᠷᠠᠯ᠂  ᠪᠢᠽᠢᠨᠧᠰ ᠦᠨ ᠤᠳᠤᠷᠢᠳᠤᠯᠭ᠎ᠠ᠂ ᠨᠡᠶᠢᠲᠡ ᠶᠢᠨ ᠤᠳᠤᠷᠢᠳᠤᠯᠭ᠎ᠠ᠂ ᠭᠷᠠᠹᠢᠺ  ᠳ᠋ᠢᠽᠠᠶᠢᠨ᠂ ᠪᠠᠭᠰᠢ᠂ ᠪᠠᠭ᠎ᠠ ᠠᠩᠬᠢ ᠶᠢᠨ ᠪᠣᠯᠪᠠᠰᠤᠷᠠᠯ᠂ ᠪᠠᠭᠰᠢ᠂ ᠰᠤᠷᠭᠠᠭᠤᠯᠢ ᠶᠢᠨ ᠡᠮᠦᠨᠡᠬᠢ ᠨᠠᠰᠤᠨ ᠤ ᠪᠣᠯᠪᠠᠰᠤᠷᠠᠯ ᠣᠯᠭᠣᠬᠤ ᠳᠣᠯᠣᠭᠠᠨ ᠴᠢᠭᠯᠡᠯ ᠦᠨ ᠮᠡᠷᠭᠡᠵᠢᠯ ᠦᠨ ᠬᠥᠲᠥᠯᠪᠦᠷᠢ ᠳᠦ ᠰᠡᠭᠦᠯ ᠦᠨ ᠲᠠᠪᠤᠨ ᠵᠢᠯ ᠦᠨ ᠬᠤᠭᠤᠴᠠᠭᠠᠨ ᠳᠤ ᠣᠶᠤᠲᠠᠨ ᠡᠯᠰᠡᠭᠡ ᠦᠭᠡᠢ᠂ ᠪᠠᠭᠰᠢᠯᠠᠬᠤ ᠪᠣᠯᠪᠠᠰᠤᠨ ᠬᠦᠴᠦᠨ ᠦᠭᠡᠢ ᠪᠠᠶᠢᠭ᠎ᠠ ᠲᠤᠯᠠ 960046 ᠳ᠋ᠤᠭᠠᠷ ᠤᠨ ᠲᠤᠰᠬᠠᠢ ᠵᠥᠪᠰᠢᠶᠡᠷᠡᠯ ᠡᠴᠡ ᠬᠠᠰᠤᠬᠤ ᠲᠤᠬᠠᠢ ᠰᠠᠨᠠᠯ ᠢ ᠮᠡᠷᠭᠡᠵᠢᠯ ᠦᠨ ᠬᠢᠨᠠᠯᠲᠠ ᠶᠢᠨ ᠶᠡᠷᠦᠩᠬᠡᠢ ᠭᠠᠵᠠᠷ᠍ ᠢᠶᠠᠷ ᠤᠯᠠᠮᠵᠢᠯᠠᠭᠤᠯᠤᠨ  ᠪᠤᠯᠪᠠᠰᠤᠷᠠᠯ ᠤᠨ ᠶᠠᠮᠤᠨ ᠳᠤ ᠬᠦᠷᠭᠡᠭᠦᠯᠦᠯ᠎ᠡ᠃
ᠡᠷᠡᠭᠦᠯ ᠠᠬᠤᠢ᠂ ᠬᠠᠯᠳᠠᠪᠤᠷᠢ ᠬᠠᠮᠠᠭᠠᠯᠠᠯ ᠤᠨ ᠬᠢᠨᠠᠯᠲᠠ ᠶᠢᠨ ᠴᠢᠭᠯᠡᠯ ᠢᠶᠡᠷ᠄ ᠡᠷᠡᠭᠦᠯ ᠮᠡᠨᠳᠦ ᠶᠢᠨ ᠶᠠᠮᠤᠨ ᠠᠴᠠ ᠵᠣᠬᠢᠶᠠᠨ ᠪᠠᠶᠢᠭᠤᠯᠤᠭᠰᠠᠨ ᠡᠷᠡᠭᠦᠯ ᠮᠡᠨᠳᠦ ᠶᠢᠨ ᠰᠠᠯᠪᠤᠷᠢ ᠶᠢᠨ 2014 ᠣᠨ ᠤ ︽ᠵᠢᠭᠠᠪᠤᠷᠢ ᠪᠠᠲᠤᠯᠠᠬᠤ ᠲᠤᠬᠠᠢ︾ 187 ᠲᠣᠭᠠᠲᠤ ᠲᠤᠰᠢᠶᠠᠯ ᠢ ᠰᠢᠨᠡᠳᠭᠡᠬᠦ ᠠᠵᠢᠯ ᠤᠨ 10 ᠳ᠋ᠤᠭᠠᠷ ᠠᠵᠢᠯ ᠤᠨ ᠬᠡᠰᠡᠭ ᠲᠦ ᠠᠵᠢᠯᠯᠠᠵᠤ ᠬᠠᠯᠳᠠᠪᠤᠷᠢ ᠶᠢᠨ ᠰᠡᠷᠭᠡᠶᠢᠯᠡᠯᠲᠡ ᠬᠢᠨᠠᠯᠲᠠ ᠳᠤ ᠪᠢᠴᠢᠯ ᠠᠮᠢ ᠰᠤᠳᠤᠯᠤᠯ ᠤᠨ ᠯᠠᠪᠤᠷᠠᠲ᠋ᠣᠷᠢ ᠶᠢᠨ ᠭᠦᠢᠴᠡᠳᠭᠡᠬᠦ ᠡᠭᠦᠷᠭᠡ ᠪᠣᠯᠪᠠᠰᠤᠷᠠᠭᠤᠯᠬᠤ ᠳᠤ ᠰᠠᠨᠠᠯ ᠥᠭᠴᠦ ᠣᠷᠣᠯᠴᠠᠯ᠎ᠠ᠃ ᠡᠷᠡᠭᠦᠯ ᠮᠡᠨᠳᠦ ᠶᠢᠨ ᠰᠠᠶᠢᠳ ᠤᠨ 2017 ᠣᠨ ᠤ 505 ᠲᠣᠭᠠᠲᠤ ᠲᠤᠰᠢᠶᠠᠯ ᠢᠶᠠᠷ ᠪᠠᠲᠤᠯᠠᠭᠳᠠᠭᠰᠠᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠬᠣᠭ ᠬᠠᠶᠠᠭᠳᠠᠯ ᠢ ᠠᠩᠭᠢᠯᠠᠬᠤ ᠴᠤᠭᠯᠠᠭᠤᠯᠬᠤ᠂ ᠵᠢᠭᠠᠪᠤᠷᠢ ᠶᠢᠨ 1.3.2 ᠲᠡᠬᠢ ᠬᠡᠰᠡᠭ ᠲᠦ ᠵᠢᠭᠠᠭᠰᠠᠨ ᠠᠶᠤᠯᠭᠦᠢ ᠶᠢᠨ ᠬᠠᠶᠢᠷᠴᠠᠭ ᠢ ¾ ᠬᠡᠰᠡᠭ ᠢ  ᠳᠦᠭᠦᠷᠡᠮᠡᠭᠴᠡ ᠪᠢᠲᠡᠭᠦᠮᠵᠢᠯᠡᠵᠦ᠂ ᠲᠦᠷ ᠬᠠᠳᠠᠭᠠᠯᠠᠬᠤ ᠴᠡᠭ  ᠪᠠᠶᠢᠷᠢ ᠤᠷᠤᠭᠤ ᠵᠥᠭᠡᠭᠡᠨ᠎ᠡ᠃ ᠠᠶᠤᠯᠭᠦᠢ ᠶᠢᠨ ᠬᠠᠶᠢᠷᠴᠠᠭ ᠢ ᠨᠢᠭᠡ ᠰᠠᠷ᠎ᠠ ᠠᠴᠠ ᠢᠯᠡᠭᠦᠦ ᠬᠤᠭᠤᠴᠠᠭ᠎ᠠ ᠪᠠᠷ ᠠᠰᠢᠭᠯᠠᠵᠤ ᠪᠣᠯᠬᠤ ᠦᠭᠡᠢ ᠭᠡᠬᠦ ᠵᠢᠭᠠᠯᠲᠠ ᠨᠤᠭᠤᠳ ᠢ ᠥᠭᠡᠷᠡᠴᠢᠯᠡᠬᠦ ᠰᠠᠨᠠᠯ ᠢ ᠡᠷᠡᠭᠦᠯ ᠮᠡᠨᠳᠦ ᠶᠢᠨ  ᠶᠠᠮᠤᠨ ᠳᠤ ᠬᠦᠷᠭᠡᠭᠦᠯᠦᠨ ᠠᠵᠢᠯᠯᠠᠯ᠎ᠠ᠃

ᠰᠡᠳᠬᠢᠭᠳᠡᠯ ᠦᠯᠡᠳᠡᠭᠡᠬᠦ