ᠲᠣᠭᠲᠠᠭᠠᠯ ᠢ ᠷᠢᠤ᠋ ᠲᠢᠨᠲ᠋ᠤ᠋ ᠬᠦᠯᠢᠶᠡᠵᠦ ᠠᠪᠤᠭᠰᠠᠨ ᠢᠶᠠᠨ ᠮᠡᠳᠡᠭᠳᠡᠪᠡ  | News.MN

ᠲᠣᠭᠲᠠᠭᠠᠯ ᠢ ᠷᠢᠤ᠋ ᠲᠢᠨᠲ᠋ᠤ᠋ ᠬᠦᠯᠢᠶᠡᠵᠦ ᠠᠪᠤᠭᠰᠠᠨ ᠢᠶᠠᠨ ᠮᠡᠳᠡᠭᠳᠡᠪᠡ 

ᠤᠯᠤᠰ ᠤᠨ ᠶᠡᠬᠡ ᠬᠤᠷᠠᠯ ᠤᠨ ᠴᠢᠭᠤᠯᠭᠠᠨ ᠤ 2019 ᠣᠨ ᠤ ᠠᠷᠪᠠᠨ ᠨᠢᠭᠡᠳᠦᠭᠡᠷ ᠰᠠᠷ᠎ᠠ ᠶᠢᠨ 21 ᠍ ᠦ ᠬᠤᠷᠠᠯᠳᠤᠭᠠᠨ ᠢᠶᠠᠷ ︽ᠤᠭ᠍ᠶᠤᠲᠤᠯᠤᠭᠠᠢ ᠶᠢᠨ ᠣᠷᠳᠣ ᠶᠢᠨ ᠠᠰᠢᠭᠯᠠᠯᠲᠠ ᠳᠤ ᠮᠣᠩᠭᠣᠯ ᠤᠯᠤᠰ ᠤᠨ ᠡᠷᠬᠡ ᠠᠰᠢᠭ ᠢ ᠬᠠᠩᠭᠠᠭᠤᠯᠬᠤ ᠲᠤᠬᠠᠢ︾ ᠤᠯᠤᠰ ᠤᠨ ᠶᠡᠬᠡ ᠬᠤᠷᠠᠯ ᠤᠨ ᠲᠣᠭᠲᠠᠭᠠᠯ ᠢ ᠬᠡᠯᠡᠯᠴᠡᠵᠦ᠂ ᠭᠡᠰᠢᠭᠦᠳ 100  ᠬᠤᠪᠢ ᠶᠢᠨ ᠰᠠᠨᠠᠯ ᠢᠶᠠᠷ ᠪᠠᠲᠤᠯᠠᠭᠰᠠᠨ ᠪᠢᠯᠡ᠃ ᠤᠭ ᠲᠣᠭᠲᠠᠭᠠᠯ ᠳᠤ ᠳᠠᠯᠳᠠ ᠠᠭᠤᠷᠬᠠᠢ ᠶᠢᠨ  ᠰᠠᠩᠬᠦᠦᠵᠢᠯᠲᠡ ᠶᠢᠨ ᠲᠠᠯ᠎ᠠ ᠪᠠᠷ 2015 ᠣᠨ ᠳᠤ ᠪᠠᠶᠢᠭᠤᠯᠤᠭᠰᠠᠨ ᠨᠡᠮᠡᠯᠲᠡ ᠲᠥᠯᠥᠪᠯᠡᠭᠡ ᠶᠢ  ᠰᠠᠶᠢᠵᠢᠷᠠᠭᠤᠯᠬᠤ᠂ ᠤᠭ᠍ᠶᠤᠲᠤᠯᠤᠭᠠᠢ ᠲᠥᠰᠥᠯ ᠡᠴᠡ ᠬᠦᠷᠲᠡᠬᠦ ᠮᠣᠩᠭᠣᠯ ᠤᠨ ᠲᠠᠯ᠎ᠠ ᠶᠢᠨ ᠦᠷ᠎ᠡ ᠦᠭᠭᠦᠭᠡᠵᠢ ᠶᠢ 53 ᠬᠤᠪᠢ ᠠᠴᠠ ᠪᠠᠭᠤᠷᠠᠭᠤᠯᠬᠤ ᠦᠭᠡᠢ ᠪᠠᠶᠢᠬᠤ᠂ ᠮᠣᠩᠭᠣᠯ ᠤᠨ ᠲᠠᠯ᠎ᠠ ᠶᠢᠨ 34  ᠬᠤᠪᠢ ᠶᠢᠨ ᠬᠤᠪᠢᠴᠠᠭ᠎ᠠ ᠶᠢ ᠪᠦᠲᠦᠭᠡᠭᠳᠡᠬᠦᠨ ᠬᠤᠪᠢᠶᠠᠬᠤ ᠨᠥᠬᠥᠴᠡᠯ᠂ ᠠᠰᠢᠭᠲᠤ ᠮᠠᠯᠲᠠᠮᠠᠯ ᠤᠨ ᠨᠦᠭᠡᠴᠡ᠍ ᠠᠰᠢᠭᠯᠠᠭᠰᠠᠨ ᠤ ᠲᠦᠯᠦᠪᠤᠷᠢ ᠳᠦ ᠤᠷᠤᠭᠤᠯᠬᠤ ᠬᠤᠪᠢᠯᠪᠤᠷᠢ ᠶᠢ ᠰᠤᠳᠤᠯᠬᠤ ᠵᠡᠷᠭᠡ ᠴᠢᠬᠤᠯᠠ ᠵᠢᠭᠠᠯᠲᠠ ᠶᠢ ᠲᠤᠰᠬᠠᠭᠰᠠᠨ ᠶᠤᠮ᠃ ᠲᠥᠷᠥ ᠶᠢᠨ ᠲᠦᠰᠢᠶᠡᠳ ᠦᠨ 100 ᠬᠤᠪᠢ ᠶᠢᠨ ᠰᠠᠨᠠᠯ ᠢᠶᠠᠷ ᠪᠠᠲᠤᠯᠠᠭᠰᠠᠨ ᠤᠯᠤᠰ ᠤᠨ ᠶᠡᠬᠡ ᠬᠤᠷᠠᠯ ᠤᠨ ᠲᠣᠭᠲᠠᠭᠠᠯ ᠳᠤ ᠨᠠᠢᠮᠠᠨ ᠵᠦᠢᠯ ᠢ ᠲᠤᠰᠬᠠᠵᠤ ᠥᠭᠭᠦᠭᠰᠡᠨ ᠪᠠᠶᠢᠳᠠᠭ᠃ ᠡᠨᠡ ᠲᠤᠬᠠᠢ ᠷᠢᠤ᠋ ᠲᠢᠨᠲ᠋ᠤ᠋ ᠴᠠᠬᠢᠮ ᠬᠠᠭᠤᠳᠠᠰᠤ ᠳᠤ ᠪᠠᠨ᠄ ᠷᠢᠤ᠋ ᠲᠢᠨᠲ᠋ᠤ᠋ ᠺᠣᠮᠫᠠᠨᠢ ᠮᠣᠩᠭᠣᠯ ᠤᠯᠤᠰ ᠤᠨ ᠫᠠᠷᠯᠠᠮᠸᠨᠲ ᠠᠴᠠ ᠪᠠᠲᠤᠯᠠᠭᠰᠠᠨ ᠲᠣᠭᠲᠠᠭᠠᠯ ᠢ ᠪᠦᠷᠢᠨ ᠬᠦᠯᠢᠶᠡᠨ ᠠᠪᠴᠤ ᠪᠠᠶᠢᠨ᠎ᠠ᠃ ᠭᠡᠬᠦ ᠳᠦ ᠪᠡᠨ ᠬᠥᠷᠥᠩᠭᠡ ᠣᠷᠣᠭᠤᠯᠤᠯᠲᠠ ᠶᠢᠨ  ᠭᠡᠷ᠎ᠡ ᠪᠦᠬᠦ ᠲᠠᠯ᠎ᠠ ᠪᠠᠷ ᠬᠦᠴᠦᠨ ᠲᠡᠭᠦᠯᠳᠡᠷ ᠭᠡᠳᠡᠭ ᠢ ᠮᠠᠷᠲᠠᠵᠤ ᠪᠣᠯᠬᠤ ᠦᠭᠡᠢ᠃ ᠡᠨᠡ ᠭᠡᠷ᠎ᠡ ᠶᠢᠨ ᠳᠠᠭᠠᠤ ᠥᠩᠭᠡᠷᠡᠭᠰᠡᠨ ᠠᠷᠪᠠᠨ ᠵᠢᠯ ᠦᠨ ᠬᠤᠭᠤᠴᠠᠭᠠᠨ ᠳᠤ 10 ᠣᠷᠴᠢᠮ ᠲᠡᠷᠪᠤᠮ ᠳ᠋ᠣᠯᠯᠠᠷ ᠢ ᠵᠠᠷᠤᠴᠠᠭᠤᠯᠤᠭᠠᠳ ᠪᠠᠶᠢᠨ᠎ᠠ᠃ ᠮᠣᠩᠭᠣᠯ ᠤᠯᠤᠰ ᠤᠨ ᠬᠤᠪᠢ ᠳᠤ ᠶᠡᠬᠡᠬᠡᠨ ᠦᠭᠭᠦᠭᠡᠵᠢ ᠲᠡᠢ ᠲᠥᠰᠥᠯ ᠪᠥᠭᠡᠳ ᠴᠢᠨᠠᠭᠰᠢᠳᠠ ᠡᠭᠦᠨ ᠢ ᠦᠷᠭᠦᠯᠵᠢᠯᠡᠭᠦᠯᠬᠦ ᠪᠣᠯᠤᠨ᠎ᠠ ᠭᠡᠵᠦ ᠷᠢᠤ᠋ ᠲᠢᠨᠲ᠋ᠤ᠋ ᠺᠣᠮᠫᠠᠨᠢ ᠶᠢᠨ ᠵᠡᠰ ᠸᠴᠢᠷ ᠡᠷᠳᠡᠨᠢ ᠶᠢᠨ ᠭᠦᠢᠴᠡᠳᠭᠡᠬᠦ ᠵᠠᠬᠢᠷᠤᠯ ᠶᠠᠷᠢᠵᠠᠢ ᠃

ᠰᠡᠳᠬᠢᠭᠳᠡᠯ ᠦᠯᠡᠳᠡᠭᠡᠬᠦ