ᠡᠰᠡᠷᠭᠦᠴᠡᠯ ᠲᠡᠢ ᠲᠤᠯᠤᠭᠰᠠᠨ ᠴᠠᠭᠠᠨ ᠳᠡᠯ ᠠᠭᠤᠯᠠ ᠪᠣᠭᠣᠮᠲᠠ  | News.MN

ᠡᠰᠡᠷᠭᠦᠴᠡᠯ ᠲᠡᠢ ᠲᠤᠯᠤᠭᠰᠠᠨ ᠴᠠᠭᠠᠨ ᠳᠡᠯ ᠠᠭᠤᠯᠠ ᠪᠣᠭᠣᠮᠲᠠ 

ᠡᠮᠦᠨᠡᠭᠣᠪᠢ ᠠᠶᠢᠮᠠᠭ ᠤᠨ ᠭᠤᠷᠪᠠᠳᠠᠭᠴᠢ ᠪᠣᠭᠣᠮᠲᠠ ᠶᠢᠨ ᠲᠠᠯ᠎ᠠ ᠪᠠᠷ ᠲᠤᠬᠠᠢ ᠶᠢᠨ ᠲᠣᠭᠣᠷᠢᠭ ᠠᠴᠠ ᠰᠣᠩᠭᠣᠭᠳᠠᠭᠰᠠᠨ ᠤᠯᠤᠰ ᠤᠨ ᠶᠡᠬᠡ ᠬᠤᠷᠠᠯ ᠤᠨ ᠭᠡᠰᠢᠭᠦᠨ ᠨ∙ᠠᠮᠤᠷᠵᠠᠶᠠᠭ᠎ᠠ ᠠᠴᠠ ᠲᠣᠳᠣᠷᠠᠭᠤᠯᠤᠯ᠎ᠠ᠃
– ᠲᠠ ᠴᠠᠭᠠᠨ ᠳᠡᠯ ᠠᠭᠤᠯᠠ ᠪᠣᠭᠣᠮᠲᠠ ᠲᠠᠢ ᠬᠣᠯᠪᠣᠭ᠎ᠠ ᠲᠠᠢ ᠠᠰᠠᠭᠤᠳᠠᠯ ᠢᠶᠠᠷ ᠶᠠᠮᠠᠷ ᠮᠡᠳᠡᠭᠡᠯᠡᠯ ᠲᠡᠢ ᠪᠠᠶᠢᠭ᠎ᠠ ᠪᠤᠢ ︖
– ᠡᠭᠦᠨ ᠲᠡᠢ ᠬᠣᠯᠪᠣᠭᠠᠲᠠᠢ ᠮᠡᠳᠡᠭᠡᠯᠡᠯ ᠢ ᠠᠪᠴᠤ ᠪᠠᠶᠢᠭ᠎ᠠ᠃ ᠴᠠᠭᠠᠨ ᠳᠡᠯ ᠠᠭᠤᠯᠠ ᠪᠣᠭᠣᠮᠲᠠ ᠶᠢᠨ ᠠᠰᠠᠭᠤᠳᠠᠯ 2006 ᠣᠨ ᠠᠴᠠ ᠶᠠᠷᠢᠭᠳᠠᠵᠤ ᠡᠬᠢᠯᠡᠭᠰᠡᠨ ᠲᠡᠦᠬᠡ ᠲᠡᠢ᠃ ᠭᠡᠬᠦ ᠳᠦ ᠪᠡᠨ ᠬᠣᠶᠠᠷ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠨᠢ ᠠᠯᠢ 6-7 ᠵᠢᠯ ᠦᠨ ᠡᠮᠦᠨ᠎ᠡ ᠵᠢᠷᠤᠭᠳᠠᠭᠰᠠᠨ ᠭᠡᠳᠡᠭ᠃ ᠴᠠᠭᠠᠨ ᠳᠡᠯ ᠠᠭᠤᠯᠠ ᠪᠣᠭᠣᠮᠲᠠ ᠶᠢ ᠬᠡᠵᠢᠶ᠎ᠡ ᠪᠠᠶᠢᠭᠤᠯᠬᠤ ᠠᠰᠠᠭᠤᠳᠠᠯ ᠢᠶᠠᠷ ᠮᠣᠩᠭᠣᠯ ᠤᠯᠤᠰ ᠤᠨ ᠵᠠᠰᠠᠭ ᠤᠨ ᠭᠠᠵᠠᠷ ᠪᠣᠳᠣᠯᠭ᠎ᠠ ᠶᠢᠨ ᠬᠡᠮᠵᠢᠶᠡᠨ ᠳᠦ ᠠᠪᠴᠤ ᠦᠵᠡᠬᠦ ᠶᠣᠰᠣᠲᠠᠢ᠃ ᠤᠴᠢᠷ ᠨᠢ ᠡᠮᠦᠨᠡᠭᠣᠪᠢ ᠠᠶᠢᠮᠠᠭ ᠲᠤ ᠣᠳᠣ ᠪᠠᠶᠢᠭ᠎ᠠ ᠨᠡᠭᠦᠷᠡᠰᠦᠨ ᠦ ᠡᠺᠰᠫᠣᠷᠲ ᠤᠨ ᠴᠢᠭ ᠪᠠᠷᠢᠮᠵᠢᠶ᠎ᠠ ᠲᠠᠢ ᠭᠠᠰᠢᠭᠤᠨᠰᠤᠬᠠᠶᠢᠲᠤ᠂ ᠰᠢᠪᠡᠭᠡ ᠬᠦᠷᠡᠩ ᠪᠣᠭᠣᠮᠲᠠ ᠨᠤᠲᠤᠭ ᠤᠨ ᠢᠷᠭᠡᠳ ᠲᠦ ᠠᠯᠢ ᠬᠢᠷᠢ ᠦᠭᠭᠦᠭᠡᠵᠢ ᠲᠡᠢ ᠪᠠᠶᠢᠬᠤ ᠶᠢ ᠥᠩᠭᠡᠷᠡᠭᠰᠡᠨ 30 ᠣᠷᠴᠢᠮ ᠵᠢᠯ ᠲᠠᠶᠢᠪᠤᠩ ᠬᠦᠯᠢᠶᠡᠯ᠎ᠡ᠃ ᠲᠡᠷᠡ ᠬᠤᠶᠠᠷ ᠪᠣᠭᠣᠮᠲᠠ ᠪᠠᠷ ᠮᠣᠩᠭᠣᠯ ᠤᠯᠤᠰ ᠤᠨ ᠨᠡᠶᠢᠲᠡ ᠨᠡᠭᠦᠷᠡᠰᠦᠨ ᠦ ᠡᠺᠰᠫᠣᠷᠲ ᠤᠨ 96 ᠬᠤᠪᠢ ᠨᠢ ᠭᠠᠷᠴᠤ ᠪᠠᠶᠢᠨ᠎ᠠ᠃ ᠨᠡᠭᠦᠷᠡᠰᠦ ᠬᠢᠯᠢ ᠪᠡᠷ ᠭᠠᠷᠴᠤ᠂ ᠮᠠᠨ ᠤ ᠤᠯᠤᠰ ᠤᠨ ᠲᠠᠲᠠᠪᠤᠷᠢ ᠶᠢᠨ ᠣᠷᠣᠯᠭ᠎ᠠ᠂ ᠲᠥᠰᠥᠪ ᠦᠨ ᠵᠣᠩᠬᠢᠯᠠᠬᠤ ᠬᠤᠪᠢ ᠶᠢ ᠪᠦᠷᠢᠳᠦᠭᠦᠯᠵᠦ᠂ ᠡᠳ᠋ ᠍ ᠦᠨ ᠵᠠᠰᠠᠭ ᠲᠤ ᠦᠨ᠎ᠡ ᠲᠡᠢ ᠬᠤᠪᠢ ᠨᠡᠮᠡᠷᠢ ᠣᠷᠣᠭᠤᠯᠵᠤ ᠪᠠᠶᠢᠭ᠎ᠠ᠃ ᠭᠡᠪᠡᠴᠦ ᠡᠨᠡ ᠬᠣᠶᠠᠷ ᠬᠢᠯᠢ ᠶᠢᠨ ᠪᠣᠭᠣᠮᠲᠠ ᠶᠢᠨ ᠴᠠᠬᠢᠯᠭᠠᠨ᠂ ᠤᠰᠤ᠂ ᠠᠮᠢᠳᠤᠷᠠᠬᠤ ᠣᠷᠴᠢᠨ ᠪᠣᠯᠤᠨ ᠠᠵᠢᠯᠴᠢᠳ ᠤᠨ ᠨᠡᠶᠢᠭᠡᠮ ᠤᠨ ᠠᠰᠠᠭᠤᠳᠠᠯ ᠵᠡᠷᠭᠡ ᠳᠦ ᠠᠩᠬᠠᠷᠴᠤ ᠠᠵᠢᠯᠯᠠᠭᠰᠠᠨ ᠵᠦᠢᠯ ᠠᠯᠠᠭ᠎ᠠ᠃ ᠬᠠᠷᠢᠨ ᠴᠤ ᠲᠥᠷᠥ ᠶᠢᠨ ᠪᠣᠳᠣᠯᠭ᠎ᠠ ᠨᠢ ᠲᠣᠭᠲᠠᠪᠤᠷᠢᠲᠠᠢ ᠪᠤᠰᠤ᠂ ᠨᠢᠭᠡ ᠰᠠᠶᠢᠳ ᠭᠠᠷᠤᠭᠠᠳ ᠨᠢᠭᠡ ᠶᠠᠭᠤᠮ᠎ᠠ ᠶᠠᠷᠢᠳᠠᠭ ᠪᠠᠶᠢᠳᠠᠯ ᠠᠴᠠ ᠪᠣᠯᠵᠤ ᠨᠤᠲᠤᠭ ᠤᠨ ᠢᠷᠭᠡᠳ᠂ ᠲᠡᠷᠡ ᠳᠤᠮᠳᠠ ᠪᠠᠨ ᠲᠡᠨᠳᠡ ᠠᠵᠢᠯᠯᠠᠵᠤ ᠪᠠᠶᠢᠭ᠎ᠠ ᠲᠣᠮᠣ ᠲᠡᠷᠭᠡᠨ ᠦ ᠵᠢᠯᠣᠭᠣᠴᠢ᠂ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠬᠢᠨ ᠳᠤ ᠬᠦᠨᠳᠦᠷᠡᠯᠲᠡᠢ ᠪᠠᠶᠢᠳᠠᠯ ᠡᠭᠦᠰᠦᠭᠰᠡᠭᠡᠷ ᠪᠠᠶᠢᠨ᠎ᠠ᠃ ᠡᠶᠢᠮᠦ ᠪᠠᠶᠢᠳᠠᠯ ᠣᠯᠠᠨ ᠵᠢᠯ ᠳᠠᠪᠲᠠᠭᠳᠠᠵᠤ ᠪᠠᠶᠢᠭ᠎ᠠ᠃
– ᠴᠠᠭᠠᠰᠢᠳᠠ ᠶᠠᠭᠤᠨ ᠳᠡᠭᠡᠷ᠎ᠡ ᠠᠩᠬᠠᠷᠴᠤ ᠠᠵᠢᠯᠯᠠᠬᠤ ᠬᠡᠷᠡᠭᠲᠡᠢ ᠭᠡᠵᠦ ᠲᠠ ᠪᠣᠳᠣᠵᠤ ᠪᠠᠶᠢᠨ᠎ᠠ ᠪᠤᠢ᠃ ᠨᠤᠲᠤᠭ ᠤᠨ ᠢᠷᠭᠡᠳ ᠦᠨ ᠰᠠᠨᠠᠯ ᠢ ᠶᠠᠭᠤ ᠭᠡᠵᠦ ᠦᠵᠡᠵᠦ ᠪᠠᠶᠢᠭ᠎ᠠ ᠪᠤᠢ ︖
– ᠬᠠᠮᠤᠭ ᠤᠨ ᠲᠦᠷᠦᠭᠦᠨ ᠳᠦ ᠬᠢᠯᠢ ᠶᠢᠨ ᠪᠣᠭᠣᠮᠲᠠ ᠶᠢᠨ ᠲᠣᠬᠢᠵᠢᠯᠲᠠ᠂ ᠢᠷᠭᠡᠨ ᠲᠥᠪ ᠲᠡᠢ ᠬᠥᠭᠵᠢᠯ ᠦᠨ ᠪᠣᠳᠣᠯᠭ᠎ᠠ᠂ ᠲᠡᠨᠳᠡ ᠠᠵᠢᠯᠯᠠᠵᠤ ᠠᠮᠢᠳᠤᠷᠠᠵᠤ ᠪᠠᠶᠢᠭ᠎ᠠ ᠢᠷᠭᠡᠳ ᠦᠨ ᠠᠮᠢᠳᠤᠷᠠᠬᠤ᠂ ᠠᠵᠢᠯᠯᠠᠬᠤ ᠣᠷᠴᠢᠨ ᠢ ᠨᠢ ᠪᠦᠷᠢᠳᠦᠭᠦᠯᠬᠦ ᠶᠣᠰᠣᠲᠠᠢ᠃ ᠴᠢᠨᠠᠭᠰᠢᠯᠠᠭᠠᠳ ᠰᠤᠷᠭᠠᠭᠤᠯᠢ ᠴᠡᠴᠡᠷᠯᠢᠭ ᠢᠶᠡᠷ ᠬᠠᠩᠭᠠᠵᠤ᠂ ᠨᠡᠶᠢᠭᠡᠮ ᠤᠨ ᠠᠰᠠᠭᠤᠳᠠᠯ ᠢ ᠨᠢ ᠰᠢᠢᠳᠴᠦ᠂ ᠨᠤᠲᠤᠭ ᠤᠨ ᠢᠷᠭᠡᠳ ᠢ ᠠᠵᠢᠯ ᠤᠨ ᠪᠠᠶᠢᠷᠢ ᠪᠠᠷ ᠬᠠᠩᠭᠠᠵᠤ ᠪᠠᠶᠢᠵᠤ᠂ ᠬᠢᠯᠢ ᠶᠢᠨ ᠪᠣᠭᠣᠮᠲᠠ ᠨᠤᠭᠤᠳ ᠤᠨ ᠦᠢᠯᠡ ᠠᠵᠢᠯᠯᠠᠭ᠎ᠠ ᠶᠢ ᠢᠷᠭᠡᠳ ᠳᠡᠮᠵᠢᠨ᠎ᠡ ᠃ ᠭᠡᠲᠡᠯ᠎ᠡ ᠥᠨᠥᠳᠥᠷ ᠪᠣᠳᠠᠲᠤ ᠪᠠᠶᠢᠳᠠᠯ ᠡᠶᠢᠮᠦ ᠪᠠᠶᠢᠭ᠎ᠠ ᠪᠣᠯᠬᠣᠷ ᠭᠤᠷᠪᠠᠳᠠᠭᠴᠢ ᠬᠢᠯᠢ ᠶᠢᠨ ᠪᠣᠭᠣᠮᠲᠠ ᠶᠢᠨ ᠠᠰᠠᠭᠤᠳᠠᠯ ᠢ ᠬᠦᠷᠲᠡᠯ᠎ᠡ ᠦᠭᠡᠶᠢᠰᠬᠡᠵᠦ ᠪᠠᠶᠢᠭ᠎ᠠ ᠶᠤᠮ᠃ ᠪᠢ ᠡᠭᠦᠨ ᠲᠡᠢ ᠰᠠᠨᠠᠯ ᠨᠢᠭᠡ ᠪᠠᠶᠢᠭ᠎ᠠ᠃ ᠣᠳᠣ ᠪᠠᠶᠢᠭ᠎ᠠ ᠬᠣᠶᠠᠷ ᠪᠣᠭᠣᠮᠲᠠ ᠶᠢᠨ ᠦᠢᠯᠡ ᠠᠵᠢᠯᠯᠠᠭ᠎ᠠ ᠶᠢ ᠣᠷᠣᠨ ᠨᠤᠲᠤᠭ ᠤᠨ ᠬᠥᠭᠵᠢᠯ ᠢ ᠳᠡᠮᠵᠢᠬᠦ ᠳᠦ ᠴᠢᠭᠯᠡᠭᠦᠯᠬᠦ᠂ ᠪᠠᠶᠢᠭᠠᠯᠢ ᠤᠷᠴᠢᠨ ᠳᠤ ᠡᠭᠡᠯᠢᠲᠡᠢ ᠪᠤᠶᠤ ᠰᠥᠷᠭᠦ ᠨᠥᠯᠥᠭᠡᠯᠡᠯ ᠢ ᠪᠠᠭᠤᠷᠠᠭᠤᠯᠬᠤ ᠱᠠᠭᠠᠷᠳᠠᠯᠭ᠎ᠠ ᠲᠠᠢ᠃ ᠶᠠᠳᠠᠵᠤ ᠨᠠᠭᠠᠳᠤ ᠵᠠᠬ᠎ᠠ ᠶᠢᠨ ᠴᠠᠬᠢᠯᠭᠠᠨ ᠤ ᠡᠬᠢ ᠡᠭᠦᠰᠪᠦᠷᠢ ᠨᠢ ᠨᠠᠶᠢᠳᠠᠪᠤᠷᠢᠲᠠᠢ᠂ ᠴᠢᠨᠠᠭᠰᠢᠯᠠᠭᠠᠳ ᠠᠭᠤᠷᠬᠠᠢ ᠲᠦᠰᠢᠭᠯᠡᠭᠰᠡᠨ ᠴᠠᠬᠢᠯᠭᠠᠨ ᠰᠲ᠋ᠠᠨᠼ ᠢᠶᠠᠨ ᠶᠠᠭᠠᠷᠠᠯᠲᠠᠢ ᠪᠠᠶᠢᠭᠤᠯᠬᠤ᠂ ᠨᠠᠷᠢᠨᠰᠤᠬᠠᠶᠢᠲᠤ ᠶᠢᠨ ᠪᠦᠯᠦᠭ ᠣᠷᠳᠣ ᠠᠴᠠ ᠭᠤᠷᠪᠠᠨᠲᠡᠰ ᠰᠤᠮᠤ ᠬᠦᠷᠲᠡᠯᠡᠬᠢ 23 ᠺᠢᠯᠣᠮᠧᠲ᠋ᠷ ᠬᠠᠲᠠᠭᠤ ᠬᠤᠴᠢᠯᠲᠠ ᠲᠠᠢ ᠠᠦ᠋ᠲ᠋ᠣ᠋ ᠵᠠᠮ᠂ ᠪᠠᠶᠠᠨᠳᠠᠯᠠᠢ ᠰᠤᠮᠤ ᠠᠴᠠ ᠰᠢᠪᠡᠭᠡ ᠬᠦᠷᠡᠩ ᠬᠢᠯᠢ ᠶᠢᠨ ᠪᠣᠭᠣᠮᠲᠠ ᠬᠦᠷᠲᠡᠯᠡᠬᠢ ᠠᠦ᠋ᠲ᠋ᠣ᠋ ᠵᠠᠮ ᠢᠶᠠᠨ ᠪᠠᠷᠢᠬᠤ᠂ ᠵᠥᠪᠬᠡᠨ ᠨᠡᠭᠦᠷᠡᠰᠦ ᠵᠦᠭᠡᠭᠡᠬᠦ ᠪᠢᠰᠢ ᠬᠤᠳᠠᠯᠳᠤᠭ᠎ᠠ᠂ ᠠᠶᠠᠯᠠᠯ ᠵᠢᠭᠤᠯᠴᠢᠯᠠᠯ ᠤᠨ ᠴᠢᠭᠯᠡᠯ ᠢᠶᠡᠷ ᠬᠥᠭᠵᠢᠭᠦᠯᠬᠦ ᠭᠡᠳ ᠲᠤᠯᠭᠠᠮᠳᠠᠭᠰᠠᠨ ᠣᠯᠠᠨ ᠠᠰᠠᠭᠤᠳᠠᠯ ᠪᠠᠶᠢᠨ᠎ᠠ᠃
– ᠲᠤᠰ ᠪᠣᠭᠣᠮᠲᠠ ᠲᠠᠢ ᠬᠣᠯᠪᠣᠭᠠᠲᠠᠢ ᠠᠰᠠᠭᠤᠳᠠᠯ ᠢ ᠰᠠᠩ ᠤᠨ ᠶᠠᠮᠤᠨ ᠳᠠᠩ ᠢᠶᠠᠷ ᠢᠶᠠᠨ ᠬᠠᠷᠢᠭᠤᠴᠠᠳᠠᠭ ᠤᠤ ︖
– ᠲᠡᠶᠢᠮᠦ ᠡ᠂ ᠪᠣᠭᠣᠮᠲᠠ ᠶᠢᠨ ᠠᠰᠠᠭᠤᠳᠠᠯ ᠢ ᠰᠠᠩ ᠤᠨ ᠶᠠᠮᠤᠨ ᠬᠠᠷᠢᠭᠤᠴᠠᠳᠠᠭ᠃ ᠭᠡᠲᠡᠯ᠎ᠡ ᠰᠠᠩ ᠤᠨ ᠶᠠᠮᠤᠨ ᠪᠣᠭᠣᠮᠲᠠ ᠶᠢᠨ ᠬᠥᠭᠵᠢᠯ ᠤᠷᠤᠭᠤ ᠲᠥᠰᠥᠪ ᠦᠨ ᠬᠥᠷᠥᠩᠭᠡ ᠣᠷᠣᠭᠤᠯᠤᠯᠲᠠ ᠶᠢ ᠴᠢᠭᠯᠡᠭᠦᠯᠬᠦ ᠦᠭᠡᠢ ᠪᠠᠶᠢᠨ᠎ᠠ᠃ ᠡᠭᠦᠨ ᠢ ᠪᠢ ᠰᠡᠳᠬᠢᠯ ᠠᠯᠠᠭ᠎ᠠ ᠭᠡᠵᠦ ᠳ᠋ᠦᠩᠨᠡᠳᠡᠭ᠃ ᠲᠥᠰᠥᠪ ᠬᠡᠯᠡᠯᠴᠡᠬᠦ ᠪᠣᠯᠭᠠᠨ ᠳᠤ ᠰᠠᠨᠠᠭᠤᠯᠳᠠᠭ᠂ ᠬᠡᠯᠡᠳᠡᠭ᠃ ᠦᠨᠡᠬᠡᠷ ᠡᠶᠢᠮᠦ ᠪᠠᠶᠢᠳᠠᠯ ᠢᠶᠠᠷ ᠶᠠᠪᠤᠬᠤ ᠶᠤᠮ ᠪᠣᠯ ᠭᠤᠷᠪᠠᠳᠠᠭᠴᠢ ᠪᠣᠭᠣᠮᠲᠠ ᠶᠢ ᠨᠡᠭᠡᠭᠡᠯᠭᠡᠬᠦ ᠦᠭᠡᠢ᠃ ᠪᠢ ᠡᠭᠦᠨ ᠲᠡᠢ ᠬᠣᠯᠪᠣᠭᠠᠲᠠᠢ ᠪᠣᠯᠤᠨ ᠦᠭᠡᠷ᠎ᠡ ᠵᠠᠷᠢᠮ ᠠᠰᠠᠭᠤᠳᠠᠯ ᠢᠶᠠᠷ ᠵᠠᠰᠠᠭ ᠤᠨ ᠭᠠᠵᠠᠷ ᠤᠷᠤᠭᠤ ᠠᠯᠪᠠᠨ ᠪᠢᠴᠢᠭ ᠥᠭᠭᠦᠭᠰᠡᠨ᠃ ᠣᠳᠣ ᠬᠠᠷᠢᠭᠤ  ᠶᠢ ᠨᠢ ᠬᠠᠷᠠᠬᠤ ᠦᠯᠡᠳᠡᠭᠡᠳ ᠪᠠᠶᠢᠨ᠎ᠠ᠃ ᠡᠮᠦᠨ᠎ᠡ ᠨᠢ ᠴᠤ ᠥᠭᠴᠦ ᠪᠠᠶᠢᠭᠰᠠᠨ᠂ ᠲᠣᠳᠣᠷᠬᠠᠢ ᠲᠣᠶᠢᠮᠣ ᠲᠠᠢ ᠬᠠᠷᠢᠭᠤᠯᠲᠠ ᠪᠠᠨ ᠠᠪᠤᠭ᠎ᠠ ᠦᠭᠡᠢ ᠯᠠ ᠪᠠᠶᠢᠨ᠎ᠠ᠃ ᠦᠨᠡᠨ ᠳᠦ ᠪᠡᠨ ᠪᠣᠳᠣᠯᠭ᠎ᠠ ᠠᠯᠠᠭ᠎ᠠ᠃
ᠦᠨᠡᠬᠡᠷ ᠬᠣᠶᠠᠷ ᠤᠯᠤᠰ ᠤᠨ ᠬᠢᠯᠢ ᠶᠢᠨ ᠪᠣᠭᠣᠮᠲᠠ ᠶᠢᠨ ᠭᠡᠷ᠎ᠡ ᠬᠡᠯᠡᠯᠴᠡᠭᠡᠷ ᠪᠠᠶᠢᠳᠠᠭ ᠪᠣᠯ ᠬᠣᠶᠢᠰᠢᠯᠠᠭᠤᠯᠤᠭᠠᠳ᠂ ᠡᠨᠡ ᠬᠣᠶᠠᠷ ᠬᠢᠯᠢ ᠶᠢᠨ ᠪᠣᠭᠣᠮᠲᠠ ᠶᠢᠨ ᠠᠰᠠᠭᠤᠳᠠᠯ ᠳᠤ ᠮᠣᠩᠭᠣᠯ ᠲᠥᠷᠥ ᠶᠢᠨ ᠪᠣᠳᠣᠯᠭ᠎ᠠ ᠶᠢ ᠣᠨᠣᠪᠴᠢᠲᠠᠢ᠂ ᠲᠣᠳᠣᠷᠬᠠᠢ ᠪᠣᠯᠭᠠᠬᠤ ᠬᠡᠷᠡᠭᠲᠡᠢ᠃ ᠬᠢᠯᠢ ᠶᠢᠨ ᠰᠢᠨ᠎ᠡ ᠪᠣᠭᠣᠮᠲᠠ ᠶᠢ ᠨᠡᠭᠡᠭᠡᠬᠦ ᠡᠰᠡᠬᠦ ᠠᠰᠠᠭᠤᠳᠠᠯ ᠢᠶᠠᠷ ᠨᠤᠲᠤᠭ ᠤᠨ ᠢᠷᠭᠡᠳ ᠦᠨ ᠰᠠᠨᠠᠯ ᠪᠣᠳᠣᠯ ᠢ ᠰᠣᠨᠣᠰᠴᠤ ᠪᠠᠶᠢᠵᠤ ᠰᠢᠢᠳᠪᠦᠷᠢ ᠪᠡᠨ ᠭᠠᠷᠭᠠᠬᠤ ᠬᠡᠷᠡᠭᠲᠡᠢ ᠃ ᠣᠳᠣ ᠴᠠᠭᠠᠨ ᠳᠡᠯ ᠠᠭᠤᠯᠠ ᠪᠣᠭᠣᠮᠲᠠ ᠳᠡᠭᠡᠷ᠎ᠡ ᠪᠠᠷᠢᠭᠳᠠᠵᠤ ᠪᠠᠶᠢᠭ᠎ᠠ ᠪᠠᠷᠢᠯᠭ᠎ᠠ ᠶᠢᠨ ᠠᠵᠢᠯ ᠢ ᠨᠤᠲᠤᠭ ᠤᠨ ᠢᠷᠭᠡᠳ ᠪᠠᠶᠢᠲᠤᠭᠠᠢ ᠪᠢ ᠴᠤ ᠮᠡᠳᠡᠬᠦ ᠦᠭᠡᠢ ᠪᠠᠶᠢᠨ᠎ᠠ᠃ ᠭᠡᠲᠡᠯ᠎ᠡ ᠲᠣᠭᠣᠷᠢᠭ ᠲᠤ ᠪᠠᠨ ᠣᠴᠢᠭᠠᠳ ᠠᠵᠢᠯᠯᠠᠬᠤ ᠳᠤ ᠄ ︽ᠬᠢᠯᠢ ᠶᠢᠨ ᠪᠣᠭᠣᠮᠲᠠ ᠶᠢᠨ ᠪᠠᠷᠢᠯᠭ᠎ᠠ ᠪᠠᠨ ᠪᠠᠷᠢᠬᠤ ᠭᠡᠳ ᠤᠯᠠᠭᠠᠨᠪᠠᠭᠠᠲᠤᠷ ᠬᠣᠲᠠ ᠠᠴᠠ 10 ᠣᠷᠴᠢᠮ ᠮᠠᠰᠢᠨ ᠶᠠᠪᠤᠭᠠᠳ᠂ ᠵᠠᠮ ᠭᠡᠵᠦ ᠲᠠᠮᠲᠤᠭ ᠪᠣᠯᠤᠯ᠎ᠠ᠂ ᠭᠠᠵᠠᠷ ᠨᠤᠲᠤᠭ ᠰᠤᠶᠢᠳᠤᠯ᠎ᠡ︾ ᠭᠡᠵᠦ ᠢᠷᠭᠡᠳ ᠬᠠᠯᠠᠭᠯᠠᠨ ᠶᠠᠷᠢᠬᠤ ᠪᠣᠯᠤᠭᠰᠠᠨ᠃ ᠡᠶᠢᠮᠦ ᠳᠦ ᠵᠠᠰᠠᠭ ᠤᠨ ᠭᠠᠵᠠᠷ ᠠᠩᠬᠠᠷᠤᠯ ᠳᠤ ᠪᠠᠨ ᠠᠪᠴᠤ᠂ ᠶᠠᠭᠠᠷᠠᠯᠲᠠᠢ ᠠᠷᠭ᠎ᠠ ᠬᠡᠮᠵᠢᠶ᠎ᠡ ᠠᠪᠬᠤ ᠬᠡᠷᠡᠭᠲᠡᠢ᠃

︽ᠡᠷᠳᠡᠨᠢᠰ ᠮᠣᠩᠭᠣᠯ︾ ᠺᠣᠮᠫᠠᠨᠢ ᠶᠢᠨ ᠳᠡᠳ᠋ ᠪᠦᠲᠦᠴᠡ᠂ ᠯᠤᠵᠢᠰᠲ᠋ᠢᠺ ᠤᠨ ᠭᠠᠵᠠᠷ ᠤᠨ ᠵᠠᠬᠢᠷᠤᠯ ᠭ᠂ ᠨᠢᠮᠠᠪᠠᠶᠠᠷ ᠠᠴᠠ ᠪᠣᠭᠣᠮᠲᠠ ᠶᠢᠨ ᠲᠤᠬᠠᠢ ᠲᠣᠳᠣᠷᠠᠭᠤᠯᠬᠤ ᠳᠤ᠄ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠪᠤᠴᠠᠯᠲᠠ ᠦᠭᠡᠢ ᠲᠤᠰᠠᠯᠠᠮᠵᠢ ᠪᠠᠷ ᠪᠣᠭᠣᠮᠲᠠ ᠶᠢᠨ ᠥᠷᠭᠡᠳᠬᠡᠯ ᠦᠨ ᠠᠵᠢᠯ ᠡᠬᠢᠯᠡᠵᠦ ᠪᠠᠶᠢᠭ᠎ᠠ᠃ ᠡᠨᠡ ᠠᠵᠢᠯ ᠬᠡᠷᠡᠭᠵᠢᠭᠰᠡᠨ ᠢᠶᠡᠷ ᠭᠠᠳᠠᠭᠰᠢ ᠪᠠᠨ ᠭᠠᠷᠬᠤ ᠪᠣᠯᠤᠨ ᠤᠷᠤᠬᠤ ᠭᠠᠷᠴᠠ ᠨᠤᠭᠤᠳ ᠨᠡᠮᠡᠭᠳᠡᠨ᠎ᠡ᠃ ᠢᠩᠭᠢᠭᠰᠡᠨ ᠢᠶᠡᠷ ᠨᠡᠭᠦᠷᠡᠰᠦ ᠲᠡᠭᠡᠭᠡᠪᠦᠷᠢᠯᠡᠯᠲᠡ ᠢᠯᠡᠭᠦᠦ ᠬᠤᠷᠳᠤᠴᠠ ᠲᠠᠢ ᠶᠠᠪᠤᠬᠤ ᠠᠴᠠ ᠭᠠᠳᠠᠨ᠎ᠠ ᠭᠠᠶᠢᠯᠢ ᠳᠡᠭᠡᠷ᠎ᠡ ᠠᠵᠢᠯᠯᠠᠳᠠᠭ ᠪᠠᠶᠢᠭᠤᠯᠤᠯᠭ᠎ᠠ ᠨᠤᠭᠤᠳ ᠤᠨ ᠠᠵᠢᠯᠯᠠᠬᠤ ᠣᠷᠴᠢᠨ ᠢ ᠢᠯᠡᠭᠦᠦ ᠰᠠᠶᠢᠨ ᠪᠦᠷᠢᠳᠦᠭᠦᠯᠵᠦ ᠪᠠᠶᠢᠭ᠎ᠠ ᠬᠡᠷᠡᠭ᠃ ᠪᠠᠷᠢᠯᠭ᠎ᠠ ᠶᠢᠨ ᠠᠵᠢᠯ ᠬᠢᠬᠦ ᠺᠣᠮᠫᠠᠨᠢ ᠨᠤᠭᠤᠳ ᠨᠢ ᠰᠢᠯᠭᠠᠷᠠᠭᠰᠠᠨ ᠭᠡᠵᠦ ᠣᠶᠢᠯᠠᠭᠠᠭᠰᠠᠨ᠃ ᠡᠨᠡ ᠵᠢᠯ ᠦᠨ ᠬᠤᠪᠢ ᠳᠤ ᠭᠠᠵᠠᠷ ᠢᠶᠠᠨ ᠴᠢᠯᠦᠭᠡᠯᠡᠬᠦ ᠠᠵᠢᠯ ᠤᠳ ᠬᠢᠭᠳᠡᠵᠦ ᠪᠠᠶᠢᠭ᠎ᠠ᠃ ᠬᠠᠪᠤᠷ ᠠᠴᠠ ᠪᠠᠷᠢᠯᠭ᠎ᠠ ᠶᠢᠨ ᠠᠵᠢᠯ ᠢᠶᠠᠨ ᠡᠬᠢᠯᠡᠭᠡᠳ ᠶᠠᠪᠤᠬᠤ ᠲᠥᠯᠥᠪᠯᠡᠭᠡ ᠲᠡᠢ ᠪᠣᠯᠪᠠ ᠤᠤ ᠭᠡᠯ᠎ᠡ᠃

ᠰᠡᠳᠬᠢᠭᠳᠡᠯ ᠦᠯᠡᠳᠡᠭᠡᠬᠦ