91 ᠠᠶᠢᠯ ᠤᠨ ᠥᠮᠴᠢᠯᠡᠬᠦ ᠡᠷᠬᠡ ᠶᠢᠨ ᠭᠡᠷᠡᠴᠢᠯᠡᠭᠡ ᠶᠢ ᠭᠠᠷᠳᠠᠭᠤᠯᠤᠯ᠎ᠠ  | News.MN

91 ᠠᠶᠢᠯ ᠤᠨ ᠥᠮᠴᠢᠯᠡᠬᠦ ᠡᠷᠬᠡ ᠶᠢᠨ ᠭᠡᠷᠡᠴᠢᠯᠡᠭᠡ ᠶᠢ ᠭᠠᠷᠳᠠᠭᠤᠯᠤᠯ᠎ᠠ 

ᠮᠣᠩᠭᠣᠯ ᠤᠯᠤᠰ ᠤᠨ ᠵᠠᠰᠠᠭ ᠤᠨ ᠭᠠᠵᠠᠷ ᠤᠨ 2019 ᠣᠨ ᠤ 351 ᠳ᠋ᠤᠭᠡᠷ ᠲᠣᠭᠲᠠᠭᠠᠯ ᠢᠶᠠᠷ ᠲᠥᠪ ᠠᠶᠢᠮᠠᠭ ᠤᠨ ᠵᠠᠭᠤᠨᠮᠤᠳᠤ ᠰᠤᠮᠤ ᠶᠢᠨ ᠨᠠᠴᠤᠭᠳᠣᠷᠵᠢ ᠪᠠᠭ᠂ ᠵᠡᠪᠰᠡᠭᠲᠦ ᠬᠦᠴᠦᠨ ᠦ 016 ᠳ᠋ᠤᠭᠠᠷ ᠪᠠᠷᠢᠭᠠᠳᠠ ᠶᠢᠨ ᠡᠵᠡᠮᠰᠢᠯ ᠦᠨ 19᠂ 20᠂ 21᠂ 22 ᠳ᠋ᠤᠭᠠᠷ ᠪᠠᠶᠢᠷᠢᠨ ᠤ 91 ᠠᠶᠢᠯ ᠤᠨ ᠣᠷᠣᠨ ᠰᠠᠭᠤᠴᠠ ᠶᠢ ᠥᠮᠴᠢᠯᠡᠭᠦᠯᠬᠦ ᠡᠷᠬᠡ ᠶᠢ ᠪᠠᠲᠤᠯᠠᠭᠰᠠᠨ᠃
ᠡᠨᠡᠬᠦ ᠣᠷᠣᠨ ᠰᠠᠭᠤᠴᠠ ᠥᠮᠴᠢᠯᠡᠬᠦ ᠡᠷᠬᠡ ᠶᠢᠨ ᠭᠡᠷᠡᠴᠢᠯᠡᠭᠡ ᠶᠢ ᠭᠠᠷᠳᠠᠭᠤᠯᠬᠤ ᠶᠣᠰᠣᠯᠠᠯ ᠤᠨ ᠠᠵᠢᠯᠯᠠᠭ᠎ᠠ ᠶᠢ  ︽ᠮᠣᠩᠭᠣᠯ ᠲᠤᠭᠤᠷᠭᠠᠲᠠᠨ ᠲᠢᠶᠠᠲ᠋ᠷ︾ ᠍ ᠤᠨ ᠶᠡᠬᠡ ᠲᠠᠩᠬᠢᠮ ᠳᠤ ᠵᠣᠬᠢᠶᠠᠨ ᠪᠠᠶᠢᠭᠤᠯᠤᠯ᠎ᠠ᠃ ᠶᠣᠰᠣᠯᠠᠯ ᠤᠨ ᠠᠵᠢᠯᠯᠠᠭᠠᠨ ᠳᠤ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠨ ᠨ∙ᠡᠩᠬᠡᠪᠣᠯᠤᠳ᠂ ᠠᠶᠢᠮᠠᠭ ᠤᠨ  ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠼ∙ᠡᠩᠬᠡᠪᠠᠲᠤ᠂ ᠵᠠᠰᠠᠭ ᠳᠠᠷᠤᠭ᠎ᠠ ᠵ ∙ ᠪᠠᠲᠤᠵᠢᠷᠭᠠᠯ ᠨᠠᠷ ᠪᠣᠯᠤᠨ ᠢᠷᠭᠡᠳ ᠣᠷᠣᠯᠴᠠᠭᠰᠠᠨ ᠶᠤᠮ᠃

ᠰᠡᠳᠬᠢᠭᠳᠡᠯ ᠦᠯᠡᠳᠡᠭᠡᠬᠦ