ᠶᠠ᠊∙ᠰᠠᠩᠵᠠᠶᠢᠮᠢᠳᠤᠪ ᠲᠡᠷᠢᠭᠦᠲᠡᠢ ᠲᠥᠯᠥᠭᠡᠯᠡᠭᠴᠢᠳ ᠤᠯᠠᠨ ᠤᠯᠤᠰ ᠤᠨ ᠬᠤᠷᠠᠯ ᠳᠤ ᠣᠷᠣᠯᠴᠠᠵᠤ ᠪᠠᠶᠢᠨ᠎ᠠ  | News.MN

ᠶᠠ᠊∙ᠰᠠᠩᠵᠠᠶᠢᠮᠢᠳᠤᠪ ᠲᠡᠷᠢᠭᠦᠲᠡᠢ ᠲᠥᠯᠥᠭᠡᠯᠡᠭᠴᠢᠳ ᠤᠯᠠᠨ ᠤᠯᠤᠰ ᠤᠨ ᠬᠤᠷᠠᠯ ᠳᠤ ᠣᠷᠣᠯᠴᠠᠵᠤ ᠪᠠᠶᠢᠨ᠎ᠠ 

ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠶᠠ᠊∙ᠰᠠᠩᠵᠠᠶᠢᠮᠢᠳᠤᠪ ᠲᠡᠷᠢᠭᠦᠲᠡᠢ ᠲᠥᠯᠥᠭᠡᠯᠡᠭᠴᠢᠳ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠰᠸᠦ᠋ᠯ  ᠬᠤᠲᠠ ᠳᠤ ᠪᠣᠯᠵᠤ ᠪᠤᠢ ᠪᠠᠶᠢᠭᠠᠯᠢ ᠣᠷᠴᠢᠨ᠂ ᠬᠥᠭᠵᠢᠯ ᠦᠨ ᠠᠰᠠᠭᠤᠳᠠᠯ ᠤᠨ ᠲᠤᠬᠠᠢ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ   ᠫᠠᠷᠯᠠᠮᠸᠨᠲᠴᠢᠳ ᠤᠨ ᠴᠢᠭᠤᠯᠭᠠᠨ ᠤ 19 ᠳ᠋ᠤᠭᠡᠷ ᠶᠡᠷᠦᠩᠬᠡᠢ ᠠᠰᠰᠠᠮᠪᠯᠧᠢ ᠳᠤ ᠣᠷᠣᠯᠴᠠᠵᠤ ᠪᠠᠶᠢᠨ᠎ᠠ᠃
ᠡᠨᠡ ᠰᠠᠷ᠎ᠠ ᠶᠢᠨ 9-12 ᠤ ᠡᠳᠦᠷ ᠦᠳ ᠲᠦ ᠦᠷᠭᠦᠯᠵᠢᠯᠡᠬᠦ ᠶᠡᠷᠦᠩᠬᠡᠢ ᠠᠰᠰᠠᠮᠪᠯᠧᠢ ᠳᠤ 12 ᠣᠷᠣᠨ ᠤ 60 ᠭᠠᠷᠤᠢ ᠲᠥᠯᠥᠭᠡᠯᠡᠭᠴᠢ ᠣᠷᠣᠯᠴᠠᠵᠤ ᠪᠠᠶᠢᠭ᠎ᠠ ᠪᠥᠭᠡᠳ ᠴᠢᠭᠤᠯᠭᠠᠨ ᠢ ᠨᠡᠭᠡᠭᠡᠵᠦ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠦᠨᠳᠦᠰᠦᠨ ᠦ ᠠᠰᠰᠠᠮᠪᠯᠧᠢ ᠶᠢᠨ ᠭᠡᠰᠢᠭᠦᠨ᠂ ᠪᠠᠶᠢᠭᠠᠯᠢ ᠣᠷᠴᠢᠨ᠂ ᠬᠥᠭᠵᠢᠯ ᠦᠨ  ᠠᠰᠠᠭᠤᠳᠠᠯ ᠤᠨ ᠲᠤᠬᠠᠢ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ ᠫᠠᠷᠯᠠᠮᠸᠨᠲᠴᠢᠳ  ᠤᠨ ᠴᠢᠭᠤᠯᠭᠠᠨ ᠤ ᠶᠡᠷᠦᠩᠬᠡᠶᠢᠯᠡᠭᠴᠢ ᠸᠣᠨ ᠶᠤ᠋ ᠴᠤᠯ ᠦᠭᠡ ᠬᠡᠯᠡᠯ᠎ᠡ᠃ ᠲᠡᠷᠡᠪᠡᠷ ᠬᠡᠯᠡᠭᠰᠡᠨ ᠦᠭᠡᠨ ᠳᠦ ᠪᠡᠨ᠂ ᠳᠡᠯᠡᠬᠡᠢ ᠶᠢᠨ ᠳᠤᠯᠠᠭᠠᠷᠠᠯ᠂ ᠠᠭᠤᠷ ᠠᠮᠢᠰᠬᠤᠯ ᠤᠨ ᠥᠭᠡᠷᠡᠴᠢᠯᠡᠯᠲᠡ᠂ ᠰᠢᠷ᠎ᠠ ᠰᠢᠷᠣᠢ ᠵᠡᠷᠭᠡ ᠪᠠᠶᠢᠭᠠᠯᠢ ᠣᠷᠴᠢᠨ ᠤ ᠠᠰᠠᠭᠤᠳᠠᠯ ᠨᠢ ᠨᠢᠭᠡ ᠤᠯᠤᠰ᠂ ᠦᠨᠳᠦᠰᠦᠲᠡᠨ ᠦ ᠪᠤᠰᠤ ᠳᠡᠯᠡᠬᠡᠢ ᠶᠢᠨ ᠪᠦᠬᠦ ᠣᠷᠣᠨ ᠨᠤᠭᠤᠳ ᠲᠤ ᠲᠤᠯᠭᠠᠷᠠᠭᠠᠳ ᠪᠤᠢ ᠨᠡᠩ ᠳᠠᠷᠤᠢ ᠰᠢᠢᠳᠪᠦᠷᠢᠯᠡᠪᠡᠯ ᠵᠣᠬᠢᠬᠤ ᠲᠣᠮᠣᠬᠠᠨ ᠠᠰᠠᠭᠤᠳᠠᠯ ᠪᠣᠯᠤᠭᠠᠳ ᠪᠠᠶᠢᠭ᠎ᠠ ᠶᠢ ᠣᠨᠴᠠᠯᠠᠬᠤ ᠶᠢᠨ ᠵᠡᠷᠭᠡᠴᠡᠭᠡ ᠤᠭ ᠠᠰᠠᠭᠤᠳᠠᠯ ᠲᠠᠢ ᠲᠡᠮᠡᠴᠡᠬᠦ ᠳᠦ ᠳᠡᠯᠡᠬᠡᠢ ᠨᠡᠶᠢᠲᠡ᠂ ᠲᠡᠷᠡ ᠳᠤᠮᠳᠠ ᠪᠠᠨ ᠬᠠᠤᠯᠢ ᠲᠣᠭᠲᠠᠭᠠᠬᠤ ᠪᠠᠶᠢᠭᠤᠯᠤᠯᠭ᠎ᠠ ᠬᠠᠷᠢᠯᠴᠠᠨ ᠮᠡᠳᠡᠭᠡᠯᠡᠯ᠂ ᠲᠤᠷᠰᠢᠯᠭ᠎ᠠ ᠪᠠᠨ ᠰᠤᠯᠢᠯᠴᠠᠬᠤ ᠨᠢ ᠨᠡᠩ ᠴᠢᠬᠤᠯᠠ ᠪᠣᠯᠬᠤ ᠶᠢ ᠲᠡᠮᠳᠡᠭᠯᠡᠪᠡ᠃
ᠶᠡᠷᠦᠩᠬᠡᠢ ᠠᠰᠰᠠᠮᠪᠯᠧᠢ ᠶᠢᠨ ᠨᠢᠭᠡᠳᠦᠭᠰᠡᠨ ᠬᠤᠷᠠᠯᠳᠤᠭᠠᠨ ᠤ ᠦᠶ᠎ᠡ ᠪᠡᠷ ᠤᠯᠤᠰ ᠤᠨ ᠶᠡᠬᠡ ᠬᠤᠷᠠᠯ ᠤᠨ ᠭᠡᠰᠢᠭᠦᠨ᠂ ᠪᠠᠶᠢᠭᠠᠯᠢ ᠣᠷᠴᠢᠨ᠂ ᠬᠥᠭᠵᠢᠯ ᠦᠨ ᠠᠰᠠᠭᠤᠳᠠᠯ ᠤᠨ ᠲᠤᠬᠠᠢ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ ᠫᠠᠷᠯᠠᠮᠸᠨᠲᠴᠢᠳ ᠤᠨ ᠴᠢᠭᠤᠯᠭᠠᠨ ᠤ ᠳᠡᠳ᠋ ᠶᠡᠷᠦᠩᠬᠡᠶᠢᠯᠡᠭᠴᠢ ᠣ᠊∙ᠪᠠᠰᠠᠩᠬᠦᠦ ︽ᠮᠣᠩᠭᠣᠯ ᠤᠯᠤᠰ ᠤᠨ ᠪᠠᠶᠢᠭᠠᠯᠢ ᠣᠷᠴᠢᠨ ᠤ ᠥᠨᠥ ᠶᠢᠨ ᠨᠥᠬᠥᠴᠡᠯ ᠪᠠᠶᠢᠳᠠᠯ︾ ᠰᠡᠳᠦᠪ ᠢᠶᠡᠷ ᠢᠯᠡᠳᠬᠡᠯ ᠲᠠᠯᠪᠢᠵᠤ᠂ ᠤᠯᠤᠰ ᠣᠷᠣᠨ ᠨᠤᠭᠤᠳ ᠤᠨ ᠵᠦᠭ ᠡᠴᠡ ᠬᠠᠮᠲᠤᠷᠠᠨ ᠠᠵᠢᠯᠯᠠᠬᠤ ᠱᠠᠭᠠᠷᠳᠠᠯᠭ᠎ᠠ ᠲᠠᠢ ᠠᠷᠭ᠎ᠠ ᠬᠡᠮᠵᠢᠶᠡᠨ ᠦ ᠲᠠᠯ᠎ᠠ ᠪᠠᠷ ᠰᠠᠨᠠᠯ ᠪᠣᠳᠣᠯ ᠢᠶᠠᠨ ᠢᠯᠡᠷᠬᠡᠶᠢᠯᠡᠪᠡ᠃ ᠲᠡᠷᠡᠪᠡᠷ ᠬᠡᠯᠡᠭᠰᠡᠨ ᠦᠭᠡᠨ ᠳᠦ ᠪᠡᠨ᠂ ᠤᠯᠤᠰ ᠣᠷᠣᠨ ᠨᠤᠭᠤᠳ ᠤᠨ ᠡᠳ᠋  ᠦᠨ ᠵᠠᠰᠠᠭ ᠤᠨ ᠥᠰᠦᠯᠲᠡ ᠶᠢ ᠳᠡᠮᠵᠢᠬᠦ᠂ ᠶᠠᠳᠠᠭᠤᠷᠠᠯ ᠢ ᠪᠠᠭᠤᠷᠠᠭᠤᠯᠬᠤ ᠠᠰᠠᠭᠤᠳᠠᠯ ᠢ ᠰᠢᠢᠳᠦᠭᠡ ᠦᠭᠡᠢ ᠴᠠᠭ ᠲᠤ ᠪᠠᠶᠢᠭᠠᠯᠢ ᠣᠷᠴᠢᠨ ᠤ ᠡᠺᠤᠯᠤᠭᠢ ᠶᠢᠨ ᠠᠰᠠᠭᠤᠳᠠᠯ᠂ ᠣᠷᠴᠢᠨ ᠤ ᠪᠤᠬᠢᠷᠳᠤᠯ  ᠤᠨ ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ ᠶᠢ ᠣᠨᠴᠠᠯᠠᠯ᠎ᠠ᠃

ᠰᠡᠳᠬᠢᠭᠳᠡᠯ ᠦᠯᠡᠳᠡᠭᠡᠬᠦ