︽ᠪᠣᠭᠳᠠ ᠬᠠᠭᠠᠨ-2019︾ ᠣᠶᠤᠲᠠᠨ ᠤ ᠡᠷᠳᠡᠮ ᠰᠢᠨᠵᠢᠯᠡᠭᠡᠨ ᠦ ᠬᠤᠷᠠᠯ ᠪᠣᠯᠤᠯ᠎ᠠ  | News.MN

︽ᠪᠣᠭᠳᠠ ᠬᠠᠭᠠᠨ-2019︾ ᠣᠶᠤᠲᠠᠨ ᠤ ᠡᠷᠳᠡᠮ ᠰᠢᠨᠵᠢᠯᠡᠭᠡᠨ ᠦ ᠬᠤᠷᠠᠯ ᠪᠣᠯᠤᠯ᠎ᠠ 

ᠪᠣᠭᠳᠠ ᠬᠠᠭᠠᠨ ᠤ ᠲᠦᠮᠡᠨ ᠥᠯᠵᠡᠢ ᠭᠡᠶᠢᠭᠰᠡᠨ ᠦ 150 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 108 ᠵᠢᠯ ᠦᠨ ᠣᠢ ᠳᠤ ᠵᠣᠷᠢᠭᠤᠯᠤᠭᠰᠠᠨ  ︽ᠪᠣᠭᠳᠠ ᠬᠠᠭᠠᠨ- 2019︾ ᠣᠶᠤᠲᠠᠨ ᠤ ᠡᠷᠳᠡᠮ ᠰᠢᠨᠵᠢᠯᠡᠭᠡᠨ ᠦ ᠪᠠᠭ᠎ᠠ ᠬᠤᠷᠠᠯ ᠬᠤᠶᠠᠳᠠᠬᠢ ᠵᠢᠯ ᠳᠦ ᠪᠡᠨ ᠠᠮᠵᠢᠯᠲᠠ ᠲᠠᠢ ᠪᠣᠯᠵᠤ ᠥᠨᠳᠥᠷᠯᠡᠵᠡᠢ᠃ ᠪᠣᠭᠳᠠ ᠬᠠᠭᠠᠨ᠂ ᠪᠣᠭᠳᠠ ᠬᠠᠭᠠᠨᠲᠤ ᠮᠣᠩᠭᠣᠯ ᠤᠯᠤᠰ ᠤᠨ ᠦᠶ᠎ᠡ ᠪᠣᠯᠤᠨ ᠪᠣᠭᠳᠠ ᠬᠠᠭᠠᠨ ᠤ ᠣᠷᠳᠣᠨ ᠮᠦᠽᠧᠢ ᠲᠡᠢ ᠬᠣᠯᠪᠣᠭ᠎ᠠ ᠲᠠᠢ ᠪᠦᠬᠦ ᠴᠢᠭᠯᠡᠯ ᠦᠨ ᠰᠤᠳᠤᠯᠭᠠᠨ ᠤ ᠠᠵᠢᠯ ᠤᠨ ᠶᠠᠪᠤᠴᠠ᠂ ᠦᠷ᠎ᠡ ᠳ᠋ᠦᠩ ᠢ ᠲᠠᠨᠢᠯᠴᠠᠭᠤᠯᠬᠤ᠂ ᠴᠢᠨᠠᠭᠰᠢᠳᠠ ᠰᠤᠳᠤᠯᠭ᠎ᠠ ᠰᠢᠨᠵᠢᠯᠡᠭᠡᠨ ᠦ ᠪᠦᠲᠦᠭᠡᠯ ᠲᠤᠭᠤᠷᠪᠢᠬᠤ ᠤᠷᠮ᠎ᠠ ᠵᠣᠷᠢᠭ ᠥᠭᠬᠦ᠂ ᠰᠢᠯᠢᠳᠡᠭ ᠰᠤᠳᠤᠯᠤᠭᠠᠴᠢ ᠣᠶᠤᠲᠠᠨ ᠢ ᠤᠷᠮᠠᠰᠢᠭᠤᠯᠬᠤ ᠵᠠᠯᠠᠭᠤ ᠬᠣᠶᠢᠴᠢ ᠦᠶ᠎ᠡ ᠶᠢ ᠡᠬᠡ ᠲᠡᠦᠬᠡ ᠪᠡᠨ ᠬᠦᠨᠳᠦᠳᠭᠡᠬᠦ ᠪᠠᠬᠠᠷᠬᠠᠯ ᠢ ᠲᠥᠯᠦᠪᠰᠢᠭᠦᠯᠬᠦ ᠵᠣᠷᠢᠯᠭ᠎ᠠ ᠲᠠᠢ ᠡᠨᠡᠬᠦ ᠡᠷᠳᠡᠮ ᠰᠢᠨᠵᠢᠯᠡᠭᠡᠨ ᠦ ᠬᠤᠷᠠᠯ ᠤᠨ ᠲᠡᠷᠢᠭᠦᠨ ᠪᠠᠶᠢᠷᠢ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠦᠨ ᠣᠶᠤᠲᠠᠨ ᠨ∙ᠪᠠᠰᠠᠩᠬᠦᠦ ︽ᠨᠠᠢᠮᠠᠳᠤᠭᠠᠷ ᠪᠣᠭᠳᠠ ᠶᠢᠨ ᠵᠣᠬᠢᠶᠠᠯ ᠪᠦᠲᠦᠭᠡᠯ ᠦᠨ ᠲᠡᠭᠦᠰᠬᠡᠯ ᠦᠨ ᠦᠭᠡ ᠳ᠋ᠡᠬᠢ ᠨᠡᠷ᠎ᠡ ᠶᠢᠨ ᠲᠤᠬᠠᠢ ᠳᠤ︾ ᠢᠯᠡᠳᠬᠡᠯ ᠢᠶᠡᠷ ᠢᠶᠡᠨ ᠰᠢᠯᠭᠠᠷᠠᠵᠠᠢ᠃
ᠳᠡᠳ᠋ ᠪᠠᠶᠢᠷᠢ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠦᠨ ᠣᠶᠤᠲᠠᠨ ᠮ∙ᠨᠣᠮᠢᠨ  ︽ᠨᠠᠢᠮᠠᠳᠤᠭᠠᠷ ᠪᠣᠭᠳᠠ ᠶᠢᠨ ᠪᠠᠶᠢᠭᠠᠯᠢ ᠬᠠᠮᠠᠭᠠᠯᠠᠬᠤ ᠲᠠᠢ ᠬᠣᠯᠪᠣᠭ᠎ᠠ ᠲᠠᠢ ᠨᠢᠭᠡᠨ ᠯᠦᠩᠳᠦᠩ ᠢ ᠵᠠᠳᠠᠯᠤᠨ ᠰᠢᠨᠵᠢᠯᠡᠬᠦ ᠨᠢ︾  ᠂ ᠭᠤᠲᠠᠭᠠᠷ ᠪᠠᠶᠢᠷᠢ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠣᠶᠤᠲᠠᠨ ᠳ∙ᠷᠢᠨᠴᠢᠨᠳᠣᠷᠵᠢ ︽ᠨᠠᠢᠮᠠᠳᠤᠭᠠᠷ ᠪᠣᠭᠳᠠ ᠶᠢᠨ < ᠴᠠᠭᠠᠨ ᠪᠣᠯᠣᠷ ᠲᠣᠯᠢ > ᠵᠣᠬᠢᠶᠠᠯ ᠳᠤ ᠠᠷᠢᠬᠢᠨ ᠤ ᠭᠡᠮ ᠬᠣᠣᠷ ᠢ ᠦᠭᠦᠯᠡᠭᠰᠡᠨ ᠨᠢ︾᠂ ᠳᠥᠲᠦᠭᠡᠷ ᠪᠠᠶᠢᠷᠢ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠣᠶᠤᠲᠠᠨ ᠵ∙ᠴᠡᠳᠡᠩᠰᠤᠳᠨᠠᠮ︽ᠨᠠᠢᠮᠠᠳᠤᠭᠠᠷ ᠪᠣᠭᠳᠠ ᠵᠢᠪᠽᠤᠨᠳᠠᠮᠪᠠ ᠬᠤᠲᠤᠭᠲᠤ ᠶᠢᠨ ᠭᠡᠭᠡᠷᠡᠭᠦᠯᠬᠦ ᠦᠢᠯᠡ ᠠᠵᠢᠯᠯᠠᠭ᠎ᠠ︾᠂ ᠲᠠᠪᠤᠳᠤᠭᠠᠷ ᠪᠠᠶᠢᠷᠢ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠣᠶᠤᠲᠠᠨ ᠬ∙ᠤᠶᠠᠩᠭ᠎ᠠ ︽ᠨᠠᠢᠮᠠᠳᠤᠭᠠᠷ ᠪᠣᠭᠳᠠ ᠵᠢᠪᠽᠤᠨᠳᠠᠮᠪᠠ ᠬᠤᠲᠤᠭᠲᠤ᠄  ᠭᠠᠳᠠᠭᠠᠳᠤ ᠶᠢᠨ ᠬᠢᠨ ᠤ ᠨᠢᠳᠦ ᠪᠡᠷ︾ ᠰᠡᠳᠦᠪᠲᠦ ᠢᠯᠡᠳᠬᠡᠯ ᠦᠳ ᠢᠶᠡᠷ ᠢᠶᠡᠨ ᠲᠤᠰ ᠲᠤᠰ ᠰᠢᠯᠢᠳᠡᠭ ᠢᠶᠡᠷ ᠰᠢᠯᠭᠠᠷᠠᠭᠰᠠᠨ ᠪᠠᠶᠢᠨ᠎ᠠ᠃ ᠡᠳᠡᠭᠡᠷ ᠢᠯᠡᠳᠬᠡᠯ ᠢ ᠲᠣᠪᠬᠢᠮᠠᠯ ᠪᠣᠯᠭᠠᠨ ᠬᠡᠪᠯᠡᠵᠦ ᠣᠯᠠᠨ ᠤ ᠬᠦᠷᠲᠡᠭᠡᠯ ᠪᠣᠯᠭᠠᠬᠤ ᠠᠵᠡᠢ᠃

ᠰᠡᠳᠬᠢᠭᠳᠡᠯ ᠦᠯᠡᠳᠡᠭᠡᠬᠦ