ᠢᠷᠡᠬᠦ ᠣᠨ ᠳᠤ ᠢᠨᠹᠯᠢᠶᠠᠼ ᠢ 8 ᠬᠤᠪᠢ ᠳᠤ ᠲᠣᠭᠲᠠᠪᠤᠷᠢᠵᠢᠭᠤᠯᠤᠨ᠎ᠠ    | News.MN

ᠢᠷᠡᠬᠦ ᠣᠨ ᠳᠤ ᠢᠨᠹᠯᠢᠶᠠᠼ ᠢ 8 ᠬᠤᠪᠢ ᠳᠤ ᠲᠣᠭᠲᠠᠪᠤᠷᠢᠵᠢᠭᠤᠯᠤᠨ᠎ᠠ   

2019 ᠣᠨ ᠳᠤ ᠢᠨᠹᠯᠢᠶᠠᠼ ᠲᠥᠪ ᠪᠠᠩᠬᠢᠨ ᠤ ᠵᠣᠷᠢᠯᠲᠠᠲᠤ ᠲᠦᠪᠰᠢᠨ ᠦ ᠣᠷᠴᠢᠮ ᠳᠤ᠂ ᠡᠳ᠋ ᠍ ᠦᠨ ᠵᠠᠰᠠᠭ ᠲᠤ ᠦᠨ᠎ᠡ ᠶᠢᠨ ᠲᠣᠭᠲᠠᠪᠤᠷᠢᠲᠠᠢ ᠪᠠᠶᠢᠳᠠᠯ ᠬᠠᠳᠠᠭᠠᠯᠠᠭᠳᠠᠵᠤ ᠪᠠᠶᠢᠭ᠎ᠠ ᠶᠢ ᠲᠤᠰ ᠪᠠᠩᠬᠢᠨ ᠠᠴᠠ ᠮᠡᠳᠡᠭᠡᠯᠡᠭᠡᠳ ᠪᠠᠶᠢᠨ᠎ᠠ ᠃ ᠮᠣᠩᠭᠣᠯ ᠪᠠᠩᠬᠢ ᠮᠥᠩᠭᠥᠨ ᠦ ᠪᠣᠳᠣᠯᠭ᠎ᠠ ᠶᠢ ᠵᠠᠬ᠎ᠠ ᠵᠡᠭᠡᠯᠢ ᠶᠢᠨ ᠵᠠᠷᠴᠢᠮ ᠳᠤ ᠲᠤᠯᠭᠠᠭᠤᠷᠢᠯᠠᠨ ᠬᠡᠷᠡᠭᠵᠢᠭᠦᠯᠵᠦ ᠬᠡᠷᠡᠭᠯᠡᠭᠡᠨ ᠦ ᠦᠨ᠎ᠡ ᠶᠢᠨ ᠢᠨᠳᠧᠺᠰ ᠢᠶᠡᠷ ᠬᠡᠮᠵᠢᠭᠳᠡᠬᠦ ᠢᠨᠹᠯᠢᠶᠠᠼ ᠢ 2020 ᠣᠨ ᠳᠤ ᠵᠢᠯ ᠦᠨ 8 ᠬᠤᠪᠢ᠂ ᠳᠤᠮᠳᠠ ᠬᠤᠭᠤᠴᠠᠭᠠᠨ ᠳᠤ 6 ᠬᠤᠪᠢ ᠣᠷᠴᠢᠮ ᠳᠤ ᠲᠣᠭᠲᠠᠪᠤᠷᠢᠵᠢᠭᠤᠯᠬᠤ ᠶᠢ ᠵᠣᠷᠢᠵᠤ ᠠᠵᠢᠯᠯᠠᠵᠤ ᠪᠠᠶᠢᠭ᠎ᠠ ᠪᠠᠨ ᠲᠥᠷᠥ ᠡᠴᠡ ᠮᠥᠩᠭᠥᠨ ᠦ ᠪᠣᠳᠣᠯᠭ᠎ᠠ ᠶᠢᠨ ᠲᠠᠯ᠎ᠠ ᠪᠠᠷ ᠪᠠᠷᠢᠮᠲᠠᠯᠠᠬᠤ ᠦᠨᠳᠦᠰᠦᠨ ᠴᠢᠭᠯᠡᠯ ᠢ ᠪᠠᠲᠤᠯᠠᠭᠤᠯᠬᠤ ᠳᠤ ᠪᠠᠨ ᠮᠡᠳᠡᠭᠳᠡᠵᠦ ᠪᠠᠶᠢᠭᠰᠠᠨ ᠶᠤᠮ᠃
ᠮᠣᠩᠭᠣᠯ ᠤᠯᠤᠰ ᠡᠳ᠋ ᠍ ᠦᠨ ᠵᠠᠰᠠᠭ ᠤᠨ ᠬᠠᠷᠢᠴᠠᠩᠭᠤᠢ ᠥᠨᠳᠥᠷ ᠥᠰᠦᠯᠲᠡ ᠶᠢᠨ ᠲᠥᠯᠥᠪ ᠲᠦ ᠰᠢᠯᠵᠢᠭᠰᠡᠨ ᠢ ᠦᠨ᠎ᠡ ᠶᠢᠨ ᠲᠦᠪᠰᠢᠨ ᠦ ᠥᠭᠡᠷᠡᠴᠢᠯᠡᠯᠲᠡ ᠢᠯᠡᠷᠬᠡᠶᠢᠯᠡᠵᠦ ᠪᠠᠶᠢᠨ᠎ᠠ᠃ ᠴᠢᠨᠠᠭᠰᠢᠳᠠ ᠢᠨᠹᠯᠢᠶᠠᠼ ᠤᠨ ᠳᠠᠷᠤᠮᠲᠠ ᠦᠭᠡᠢ ᠡᠳ᠋ ᠍ ᠦᠨ ᠵᠠᠰᠠᠭ ᠤᠨ ᠥᠰᠦᠯᠲᠡ ᠶᠢ ᠲᠣᠭᠲᠠᠪᠤᠷᠢᠲᠠᠢ ᠬᠠᠳᠠᠭᠠᠯᠠᠬᠤ᠂ ᠢᠨᠹᠯᠢᠶᠠᠼ ᠢ ᠠᠯᠭᠤᠷ ᠪᠠᠭᠤᠯᠭᠠᠨ᠎ᠠ ᠭᠡᠵᠡᠢ᠃

ᠰᠡᠳᠬᠢᠭᠳᠡᠯ ᠦᠯᠡᠳᠡᠭᠡᠬᠦ