ᠤᠭ᠍ᠶᠤᠲᠤᠯᠤᠭᠠᠢ ᠶᠢᠨ ᠦᠢᠯᠡᠳᠪᠦᠷᠢ ᠶᠢᠨ ᠪᠣᠰᠤᠭ᠎ᠠ ᠠᠮᠠ ᠶᠢ ᠠᠰᠢᠭᠯᠠᠯᠲᠠ ᠳᠤ ᠤᠷᠤᠭᠤᠯᠪᠠ  | News.MN

 ᠤᠭ᠍ᠶᠤᠲᠤᠯᠤᠭᠠᠢ ᠶᠢᠨ ᠦᠢᠯᠡᠳᠪᠦᠷᠢ ᠶᠢᠨ ᠪᠣᠰᠤᠭ᠎ᠠ ᠠᠮᠠ ᠶᠢ ᠠᠰᠢᠭᠯᠠᠯᠲᠠ ᠳᠤ ᠤᠷᠤᠭᠤᠯᠪᠠ 

ᠤᠭ᠍ᠶᠤᠲᠤᠯᠤᠭᠠᠢ  ᠶᠢᠨ ᠭᠦᠨ ᠦ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠡᠩ ᠴᠢᠬᠤᠯᠠ ᠠᠮᠵᠢᠯᠲᠠ ᠦᠢᠯᠡᠳᠪᠦᠷᠢ ᠶᠢᠨ ᠠᠮᠠ ᠶᠢ ᠪᠠᠷᠢᠵᠤ ᠳᠠᠭᠤᠰᠤᠭᠰᠠᠨ ᠢ ᠡᠨᠡ ᠰᠠᠷ᠎ᠠ ᠶᠢᠨ 13 ᠳᠦ ᠲᠡᠮᠳᠡᠭᠯᠡᠯ᠎ᠡ᠃ ᠤᠭ᠍ᠶᠤᠲᠤᠯᠤᠭᠠᠢ ᠺᠣᠮᠫᠠᠨᠢ ᠶᠢᠨ ᠲᠥᠯᠥᠭᠡᠯᠡᠨ ᠤᠳᠤᠷᠢᠳᠬᠤ ᠵᠥᠪᠯᠡᠯ ᠦᠨ ᠳᠠᠷᠤᠭ᠎ᠠ᠂ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠭ∙ᠪᠠᠲᠤᠰᠦ᠋ᠬᠡ ᠶᠣᠰᠣᠯᠠᠯ ᠤᠨ ᠦᠶ᠎ᠡ ᠪᠡᠷ ᠬᠡᠯᠡᠭᠰᠡᠨ ᠦᠭᠡᠨ ᠳᠦ ᠪᠡᠨ᠂ ᠭᠦᠨ ᠦ ᠠᠭᠤᠷᠬᠠᠢ ᠶᠢᠨ ᠡᠨᠡᠬᠦ ᠦᠢᠯᠡᠳᠪᠦᠷᠢ ᠶᠢᠨ ᠠᠮᠠ ᠶᠢ ᠠᠮᠵᠢᠯᠲᠠ ᠲᠠᠢ ᠪᠠᠷᠢᠵᠤ ᠳᠠᠭᠤᠰᠬᠠᠬᠤ ᠳᠤ ᠮᠠᠨ ᠤ ᠤᠯᠤᠰ ᠤᠨ ᠲᠥᠷᠥ ᠵᠠᠰᠠᠭ ᠤᠨ ᠭᠠᠵᠠᠷ ᠤᠨ ᠪᠠᠶᠢᠭᠤᠯᠤᠯᠭ᠎ᠠ ᠨᠤᠭᠤᠳ ᠤᠨ ᠳᠡᠮᠵᠢᠯᠭᠡ ᠴᠢᠬᠤᠯᠠ ᠠᠴᠢ ᠬᠣᠯᠪᠣᠭᠳᠠᠯ ᠲᠠᠢ ᠪᠠᠶᠢᠭᠰᠠᠨ ᠢ ᠣᠨᠴᠠᠯᠠᠨ ᠲᠡᠮᠳᠡᠭᠯᠡᠪᠡ᠃
《ᠦᠢᠯᠡᠳᠪᠦᠷᠢ ᠶᠢᠨ ᠠᠮᠠ ᠶᠢᠨ ᠠᠭᠤᠯᠠ ᠶᠢᠨ ᠨᠡᠪᠲᠡᠷᠡᠯᠲᠡ ᠡᠴᠡ ᠡᠬᠢᠯᠡᠭᠡᠳ ᠭᠠᠵᠠᠷ ᠤᠨ ᠭᠦᠨ ᠳᠦ ᠱᠠᠭᠠᠷᠳᠠᠯᠭ᠎ᠠ ᠲᠠᠢ ᠲᠣᠨᠣᠭ ᠲᠥᠬᠥᠭᠡᠷᠦᠮᠵᠢ ᠨᠦᠭᠦᠳ ᠢ ᠪᠠᠶᠢᠷᠢᠯᠠᠭᠤᠯᠬᠤ᠂ ᠪᠠᠷᠢᠯᠭ᠎ᠠ ᠶᠢᠨ ᠨᠦᠰᠡᠷ ᠪᠦᠲᠦᠭᠡᠨ ᠪᠠᠶᠢᠭᠤᠯᠤᠯᠲᠠ ᠶᠢᠨ ᠠᠵᠢᠯ ᠢ ᠳᠠᠭᠤᠰᠬᠠᠬᠤ ᠳᠤ ᠨᠡᠶᠢᠲᠡ ᠭᠤᠷᠪᠠᠨ ᠵᠢᠯ ᠳᠥᠷᠪᠡᠨ ᠰᠠᠷ᠎ᠠ ᠶᠢᠨ ᠬᠤᠭᠤᠴᠠᠭ᠎ᠠ ᠵᠠᠷᠤᠴᠠᠭᠤᠯᠤᠯ᠎ᠠ᠃ ᠤᠭ᠍ᠶᠤᠲᠤᠯᠤᠭᠠᠢ ᠶᠢᠨ ᠭᠦᠨ ᠦ ᠠᠭᠤᠷᠬᠠᠢ ᠶᠢ ᠪᠦᠷᠢᠨ ᠴᠤᠭᠴᠠᠯᠠᠬᠤ ᠭᠣᠣᠯ ᠠᠯᠬᠤᠮ ᠪᠣᠯᠬᠤ ᠡᠶᠢᠮᠦ ᠴᠢᠬᠤᠯᠠ ᠬᠢᠭᠡᠳ ᠨᠠᠷᠢᠨ ᠳᠡᠳ᠋ ᠪᠦᠲᠦᠴᠡ ᠶᠢ ᠪᠠᠷᠢᠵᠤ ᠳᠠᠭᠤᠰᠬᠠᠬᠤ ᠳᠤ ᠦᠨᠳᠦᠰᠦᠨ ᠦ 50 ᠣᠷᠴᠢᠮ ᠺᠣᠮᠫᠠᠨᠢ ᠶᠢᠨ 2500 ᠬᠦᠮᠦᠨ 2.6 ᠰᠠᠶ᠎ᠠ ᠴᠠᠭ ᠠᠶᠤᠯ ᠣᠰᠣᠯ ᠠᠴᠠ  ᠠᠩᠭᠢᠳᠠ ᠠᠵᠢᠯᠯᠠᠯ᠎ᠠ 》 ᠭᠡᠳᠡᠭ ᠢ ᠤᠭ᠍ᠶᠤᠲᠤᠯᠤᠭᠠᠢ ᠺᠣᠮᠫᠠᠨᠢ ᠶᠢᠨ ᠭᠦᠢᠴᠡᠳᠭᠡᠬᠦ ᠵᠠᠬᠢᠷᠤᠯ  ᠠᠷᠮᠠᠨᠳᠤ᠋ ᠲᠣᠷᠷᠧᠰ ᠣᠨᠴᠠᠯᠠᠪᠠ᠃

ᠰᠡᠳᠬᠢᠭᠳᠡᠯ ᠦᠯᠡᠳᠡᠭᠡᠬᠦ