14 ᠨᠠᠰᠤᠲᠠᠢ ᠬᠡᠦᠬᠡᠳ ᠢᠶᠡᠷ ᠬᠤᠷᠳᠤᠨ ᠮᠣᠷᠢ ᠤᠨᠤᠭᠤᠯᠬᠤ ᠦᠭᠡᠢ | News.MN

14 ᠨᠠᠰᠤᠲᠠᠢ ᠬᠡᠦᠬᠡᠳ ᠢᠶᠡᠷ ᠬᠤᠷᠳᠤᠨ ᠮᠣᠷᠢ ᠤᠨᠤᠭᠤᠯᠬᠤ ᠦᠭᠡᠢ

︽ᠦᠨᠳᠦᠰᠦᠨ ᠦ ᠶᠡᠬᠡ ᠪᠠᠶᠠᠷ ᠨᠠᠭᠠᠳᠤᠮ ᠤᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠪᠠᠷ ᠬᠡᠯᠡᠯᠴᠡᠭᠦᠯᠵᠦ ᠪᠠᠶᠢᠭ᠎ᠠ ᠲᠠᠢ ᠬᠣᠯᠪᠣᠭᠳᠠᠭᠤᠯᠤᠨ ᠮᠣᠩᠭᠣᠯ ᠤᠯᠤᠰ ᠤᠨ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠠᠴᠠ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠳᠤ ᠬᠠᠨᠳᠤᠨ ᠠᠯᠪᠠᠨ ᠬᠦᠰᠡᠯᠲᠡ ᠬᠦᠷᠭᠡᠭᠦᠯᠦᠭᠰᠡᠨ ᠪᠠᠶᠢᠨ᠎ᠠ᠃ ᠤᠭ ᠠᠯᠪᠠᠨ ᠪᠢᠴᠢᠭ ᠲᠦ ᠮᠣᠩᠭᠣᠯ ᠤᠯᠤᠰ ᠤᠨ ᠨᠢᠭᠡᠳᠦᠨ ᠣᠷᠣᠭᠰᠠᠨ ᠣᠯᠠᠨ ᠤᠯᠤᠰ ᠤᠨ ᠭᠡᠷ᠎ᠡ ᠪᠣᠯᠤᠨ ᠦᠨᠳᠦᠰᠦᠨ ᠦ ᠬᠠᠤᠯᠢ ᠲᠣᠭᠲᠠᠭᠠᠮᠵᠢ ᠳᠤ ᠬᠡᠦᠬᠡᠳ ᠦᠨ ᠡᠷᠬᠡ ᠶᠢᠨ ᠲᠤᠬᠠᠢ ᠲᠣᠳᠣᠷᠬᠠᠢ ᠵᠢᠭᠠᠭᠰᠠᠨ ᠲᠡᠳᠦᠢ ᠦᠭᠡᠢ ᠬᠤᠷᠳᠤᠨ ᠮᠣᠷᠢᠨ ᠤ ᠤᠷᠤᠯᠳᠤᠭᠠᠨ ᠳᠤ ᠬᠡᠦᠬᠡᠳ ᠢ ᠣᠷᠤᠯᠴᠠᠭᠤᠯᠬᠤ ᠦᠭᠡᠢ ᠪᠠᠶᠢᠬᠤ ᠡᠭᠦᠷᠭᠡ ᠶᠢ ᠮᠠᠨ ᠤ ᠤᠯᠤᠰ ᠬᠦᠯᠢᠶᠡᠭᠰᠡᠨ ᠪᠣᠯᠬᠤ ᠶᠢ ᠰᠠᠨᠠᠭᠤᠯᠵᠤ ᠂ ᠮᠣᠩᠭᠣᠯ ᠤᠯᠤᠰ ᠤᠨ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠪᠣᠯᠤᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠮᠦᠨ ᠦ ᠡᠷᠬᠡ ᠶᠢᠨ ᠵᠥᠪᠯᠡᠯ᠂ ᠬᠡᠦᠬᠡᠳ ᠦᠨ ᠡᠷᠬᠡ ᠶᠢᠨ ᠬᠣᠷᠢᠶᠠᠨ ᠠᠴᠠ ᠢᠷᠡᠭᠦᠯᠦᠭᠰᠡᠨ ᠵᠥᠪᠯᠡᠮᠵᠢ᠂ ᠢᠷᠭᠡᠨ ᠦ ᠨᠡᠶᠢᠭᠡᠮ ᠤᠨ ᠪᠠᠶᠢᠭᠤᠯᠤᠯᠭ᠎ᠠ ᠨᠤᠭᠤᠳ᠂ ᠢᠷᠭᠡᠳ ᠡᠴᠡ ᠢᠷᠡᠭᠦᠯᠦᠭᠰᠡᠨ ᠮᠡᠳᠡᠭᠡᠯᠡᠯ ᠦᠨ ᠳᠠᠭᠠᠤ ᠬᠡᠦᠬᠡᠳ ᠦᠨ ᠡᠷᠡᠭᠦᠯ ᠮᠡᠨᠳᠦ᠂ ᠠᠮᠢ ᠨᠠᠰᠤ ᠪᠠᠷ ᠳᠡᠨᠴᠢᠩ ᠲᠠᠯᠪᠢᠵᠤ᠂ ᠬᠣᠬᠢᠷᠠᠭᠠᠬᠤ ᠶᠢ ᠲᠠᠰᠤᠯᠤᠨ ᠵᠣᠭᠰᠣᠭᠠᠬᠤ ᠱᠠᠭᠠᠷᠳᠠᠯᠭ᠎ᠠ ᠲᠠᠢ ᠶᠢ ᠲᠣᠳᠣᠳᠬᠠᠭᠰᠠᠨ ᠶᠤᠮ᠃

ᠤᠯᠤᠰ ᠤᠨ ᠶᠡᠬᠡ ᠬᠤᠷᠠᠯ ᠤᠨ ᠨᠡᠷ᠎ᠡ ᠪᠦᠬᠦᠢ ᠭᠡᠰᠢᠭᠦᠳ ᠦᠨ ᠰᠠᠨᠠᠭᠠᠴᠢᠯᠠᠭᠰᠠᠨ ︽ᠦᠨᠳᠦᠰᠦᠨ ᠦ ᠶᠡᠬᠡ ᠪᠠᠶᠠᠷ ᠨᠠᠭᠠᠳᠤᠮ ᠤᠨ ᠲᠤᠬᠠᠢ︾ ᠬᠠᠤᠯᠢ ᠶᠢᠨ ᠲᠥᠰᠥᠯ ᠳᠦ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠳᠦ ᠂ ᠪᠢᠯᠢᠭ ᠦᠨ ᠲᠣᠭᠠᠯᠠᠯ ᠤᠨ ᠬᠠᠪᠤᠷ ᠤᠨ ᠲᠡᠷᠢᠭᠦᠨ ᠰᠠᠷ᠎ᠠ ᠶᠢᠨ ᠰᠢᠨ᠎ᠡ ᠶᠢᠨ 14 ᠍ ᠦ ᠡᠳᠦᠷ ︽ᠢᠷᠦᠭᠡᠯ ᠡᠷᠭᠦᠬᠦ︾ ᠬᠠᠪᠤᠷ ᠤᠨ ᠪᠥᠰᠡ ᠶᠢᠨ ᠤᠷᠤᠯᠳᠤᠭᠠᠨ ᠢ ᠠᠵᠢᠷᠭ᠎ᠠ᠂ ᠶᠡᠬᠡ ᠨᠠᠰᠤ᠂ ᠰᠣᠶᠣᠭᠠᠯᠠᠩ ᠭᠡᠰᠡᠨ ᠨᠠᠰᠤᠨ ᠤ ᠠᠩᠭᠢᠯᠠᠯ ᠢᠶᠠᠷ ᠵᠣᠬᠢᠶᠠᠨ ᠪᠠᠶᠢᠭᠤᠯᠤᠨ᠎ᠠ᠃ ᠤᠷᠤᠯᠳᠤᠭᠠᠨ ᠤ ᠬᠤᠷᠳᠤᠨ ᠮᠣᠷᠢ ᠶᠢ ᠣᠰᠣᠯ ᠤᠨ ᠳᠠᠭᠠᠳᠬᠠᠯ ᠳᠤ ᠳᠠᠭᠠᠳᠬᠠᠭᠤᠯᠤᠭᠰᠠᠨ ᠠᠷᠪᠠᠨ ᠳᠥᠷᠪᠡ ᠪᠤᠶᠤ ᠲᠡᠭᠦᠨ ᠡᠴᠡ ᠳᠡᠭᠡᠭᠰᠢ ᠨᠠᠰᠤᠨ ᠤ ᠬᠡᠦᠬᠡᠳ ᠤᠨᠤᠨ᠎ᠠ ᠵᠢᠭᠠᠯᠲᠠ ᠶᠢ ᠣᠷᠣᠭᠤᠯᠵᠤ᠂ ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠴᠢᠭᠤᠯᠭᠠᠨ ᠢᠶᠠᠷ ᠠᠩᠬᠠᠨ ᠤ ᠬᠡᠯᠡᠯᠴᠡᠭᠦᠯᠭᠡ ᠬᠢᠵᠦ᠂ ᠬᠡᠯᠡᠯᠴᠡᠬᠦ ᠪᠡᠷ ᠰᠢᠢᠳᠪᠦᠷᠢᠯᠡᠭᠰᠡᠨ ᠪᠠᠶᠢᠨ᠎ᠠ᠃ ᠡᠨᠡ ᠵᠢᠭᠠᠯᠲᠠ ᠶᠢ ᠲᠤᠰᠬᠠᠭᠤᠯᠬᠤ ᠦᠭᠡᠢ ᠪᠠᠶᠢᠬᠤ ᠲᠠᠯ᠎ᠠ ᠪᠠᠷ ᠠᠷᠭ᠎ᠠ ᠬᠡᠮᠵᠢᠶ᠎ᠡ ᠠᠪᠬᠤ ᠶᠢ ᠲᠠᠨ ᠠᠴᠠ ᠬᠦᠰᠡᠶ᠎ᠡ᠃ ᠬᠦᠨᠳᠦᠳᠬᠡᠭᠰᠡᠨ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠳᠠᠷᠤᠭ᠎ᠠ ᠵ∙ᠪᠢᠮᠪᠠᠳᠣᠷᠵᠢ ᠭᠡᠵᠡᠢ᠃

ᠰᠡᠳᠬᠢᠭᠳᠡᠯ ᠦᠯᠡᠳᠡᠭᠡᠬᠦ