ᠤᠯᠤᠰ ᠤᠨ ᠠᠪᠤᠷᠭᠤ ᠰᠢᠯᠭᠠᠷᠠᠭᠤᠯᠬᠤ ᠲᠡᠮᠡᠭᠡᠨ ᠦ ᠤᠷᠤᠯᠳᠤᠭᠠᠨ ᠪᠣᠯᠤᠨ᠎ᠠ  | News.MN

ᠤᠯᠤᠰ ᠤᠨ ᠠᠪᠤᠷᠭᠤ ᠰᠢᠯᠭᠠᠷᠠᠭᠤᠯᠬᠤ ᠲᠡᠮᠡᠭᠡᠨ ᠦ ᠤᠷᠤᠯᠳᠤᠭᠠᠨ ᠪᠣᠯᠤᠨ᠎ᠠ 

ᠮᠣᠩᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠶᠢᠨ ᠢᠪᠡᠭᠡᠯ ᠳᠣᠣᠷ᠎ᠠ ᠤᠯᠤᠰ ᠤᠨ ᠠᠪᠤᠷᠭᠤ ᠰᠢᠯᠭᠠᠷᠠᠭᠤᠯᠬᠤ ᠬᠤᠷᠳᠤᠨ ᠲᠡᠮᠡᠭᠡᠨ ᠦ ᠤᠷᠤᠯᠳᠤᠭᠠᠨ ᠡᠨᠡ ᠠᠮᠠᠷᠠᠯᠲᠠ ᠶᠢᠨ ᠡᠳᠦᠷ ᠦᠳ ᠲᠦ  ︵12.14- 15︶ ᠡᠮᠦᠨᠡᠭᠣᠪᠢ ᠠᠶᠢᠮᠠᠭ ᠤᠨ ᠳᠠᠯᠠᠨᠵᠠᠳᠠᠭᠠᠶᠢᠲᠤ ᠬᠤᠲᠠ ᠳᠤ ᠪᠣᠯᠬᠤ ᠭᠡᠵᠦ ᠪᠠᠶᠢᠨ᠎ᠠ᠃ ᠲᠡᠮᠡᠭᠡᠨ ᠦ ᠤᠷᠤᠯᠳᠤᠭᠠᠨ ᠢᠶᠠᠷ ᠲᠣᠷᠣᠮ᠂ ᠲᠠᠶᠢᠯᠤᠭ᠂ ᠪᠦᠳᠦᠭᠦᠨ ᠲᠡᠮᠡᠭᠡᠨ ᠦ ᠤᠷᠤᠯᠳᠤᠭᠠᠨ᠂ ᠲᠡᠮᠡᠭᠡ ᠲᠡᠢ ᠪᠤᠤᠬᠢᠶ᠎ᠠ ᠤᠷᠤᠯᠳᠤᠭᠠᠨ᠂ ᠪᠣᠭᠣᠨᠢ ᠵᠠᠢ ᠶᠢᠨ 2000 ᠮᠧᠲ᠋ᠷ ᠦᠨ ᠤᠷᠤᠯᠳᠤᠭᠠᠨ ᠵᠣᠬᠢᠶᠠᠨ ᠪᠠᠶᠢᠭᠤᠯᠬᠤ ᠠᠵᠡᠢ᠃ ᠮᠥᠨ ᠡᠨᠡ ᠦᠶ᠎ᠡ ᠪᠡᠷ ᠭᠣᠶᠣ ᠲᠡᠮᠡᠭᠡ ᠲᠡᠢ ᠰᠠᠶᠢᠬᠠᠨ ᠬᠣᠣᠰ ᠢ ᠰᠢᠯᠭᠠᠷᠠᠭᠤᠯᠤᠨ᠎ᠠ᠃
ᠬᠤᠷᠳᠤᠨ ᠲᠡᠮᠡᠭᠡᠨ ᠦ ᠤᠷᠤᠯᠳᠤᠭᠠᠨ ᠤ ᠦᠶ᠎ᠡ ᠪᠡᠷ ᠲᠡᠮᠡᠭᠡᠴᠢᠳ ᠦᠨ ᠵᠦᠪᠯᠡᠯᠭᠡᠨ ᠢ ᠵᠣᠬᠢᠶᠠᠨ ᠪᠠᠶᠢᠭᠤᠯᠬᠤ ᠶᠤᠮ᠃ ᠲᠡᠮᠡᠭᠡᠨ ᠦ ᠤᠷᠤᠯᠳᠤᠭᠠᠨ ᠳᠤ ᠡᠮᠦᠨᠡᠭᠣᠪᠢ᠂ ᠳᠣᠷᠣᠨᠠᠭᠣᠪᠢ᠂ ᠳᠤᠮᠳᠠᠭᠤᠪᠢ᠂ ᠭᠣᠪᠢ-ᠠᠯᠲᠠᠢ᠂ ᠥᠪᠦᠷᠬᠠᠩᠭᠠᠢ᠂ ᠪᠠᠶᠠᠨᠬᠣᠩᠭᠣᠷ ᠠᠶᠢᠮᠠᠭ ᠤᠨ ᠲᠡᠮᠡᠭᠡᠴᠢᠳ ᠣᠷᠣᠯᠴᠠᠬᠤ ᠪᠠᠷ ᠪᠦᠷᠢᠳᠬᠡᠭᠦᠯᠵᠡᠢ᠃

ᠰᠡᠳᠬᠢᠭᠳᠡᠯ ᠦᠯᠡᠳᠡᠭᠡᠬᠦ