ᠣᠷᠬᠣᠨ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠶᠢᠨ ᠨᠡᠷᠡᠮᠵᠢᠲᠦ ᠲᠠᠶ᠋ᠸᠺᠸᠤᠨᠳᠤ᠋ ᠶᠢᠨ ᠪᠥᠰᠡ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠯ᠎ᠠ᠃ ᠤᠭ ᠲᠡᠮᠡᠴᠡᠭᠡᠨ ᠢ ︽ᠵᠢᠷᠭᠠᠯᠠᠩᠲᠤ ᠲᠠᠶ᠋ᠸᠺᠸᠤᠨᠳᠤ᠋ ᠶᠢᠨ ᠰᠤᠷᠭᠠᠯᠲᠠ ᠶᠢᠨ ᠲᠥᠪ ︾ ᠲᠥᠷᠥ ᠶᠢᠨ ᠪᠤᠰᠤ ᠪᠠᠶᠢᠭᠤᠯᠤᠯᠭ᠎ᠠ ᠰᠠᠨᠠᠭᠠᠴᠢᠯᠠᠭᠰᠠᠨ ᠶᠤᠮ᠃ ᠲᠡᠮᠡᠴᠡᠭᠡᠨ ᠳᠦ ᠳᠠᠷᠬᠠᠨ-ᠠᠭᠤᠯᠠ᠂ ᠪᠤᠯᠠᠭᠠᠨ᠂ ᠣᠷᠬᠣᠨ ᠠᠶᠢᠮᠠᠭ ᠤᠨ 100 ᠭᠠᠷᠤᠢ ᠲᠠᠮᠢᠷᠴᠢᠨ ᠭᠠᠭᠴᠠᠭᠠᠷᠴᠢᠯᠠᠭᠰᠠᠨ ᠪᠣᠯᠤᠨ 3×3 ᠪᠠᠭ ᠤᠨ ᠲᠤᠯᠤᠭᠠᠨ ᠤ ᠲᠥᠷᠥᠯ ᠳᠦ ᠬᠤᠷᠳᠤ ᠬᠦᠴᠦ᠂ ᠠᠪᠬᠠᠯᠵᠢ ᠰᠠᠮᠪᠠᠭ᠎ᠠ ᠪᠠᠨ ᠰᠤᠷᠢᠯ᠎ᠠ᠃
ᠲᠡᠮᠡᠴᠡᠭᠡᠨ ᠦ ᠨᠡᠶᠢᠲᠡ ᠳ᠋ᠦᠩ ᠢᠶᠡᠷ ︽ᠵᠢᠷᠭᠠᠯᠠᠩᠲᠤ ᠲᠠᠶ᠋ᠸᠺᠸᠤᠨᠳᠤ᠋ ᠶᠢᠨ ᠰᠤᠷᠭᠠᠯᠲᠠ ᠶᠢᠨ ᠲᠥᠪ ︾ ᠦᠨ ᠪᠠᠭ ᠲᠡᠷᠢᠭᠦᠨ ᠪᠠᠶᠢᠷᠢ ᠳᠤ᠂ ᠳᠠᠷᠬᠠᠨ-ᠠᠭᠤᠯᠠ ᠠᠶᠢᠮᠠᠭ ᠤᠨ ᠪᠠᠭ ᠲᠠᠮᠢᠷᠴᠢᠳ ᠬᠣᠶᠠᠳᠤᠭᠠᠷ ᠪᠠᠶᠢᠷᠢ ᠳᠤ᠂ ᠪᠤᠯᠠᠭᠠᠨ ᠠᠶᠢᠮᠠᠭ ᠤᠨ ᠪᠠᠭ ᠲᠠᠮᠢᠷᠴᠢᠳ ᠭᠤᠷᠪᠠᠳᠤᠭᠠᠷ ᠪᠠᠶᠢᠷᠢ ᠳᠤ ᠰᠢᠯᠭᠠᠷᠠᠯ᠎ᠠ᠃ ︽ᠰᠢᠯᠢᠳᠡᠭ ᠲᠠᠮᠢᠷᠴᠢᠨ︾ ᠢᠶᠡᠷ ᠵᠢᠷᠭᠠᠯᠠᠩᠲᠤ ᠰᠤᠮᠤ ᠶᠢᠨ ᠲᠠᠮᠢᠷᠴᠢᠨ ᠰ∙ᠠᠨᠤᠳᠠᠷᠢ᠂ ᠽ∙ᠯᠤᠲᠤᠸ᠋ᠴᠢᠷ᠂ ᠪᠤᠯᠠᠭᠠᠨ ᠠᠶᠢᠮᠠᠭ ᠤᠨ ᠲᠠᠮᠢᠷᠴᠢᠨ ᠪ∙ᠰᠤᠮᠢᠶᠠᠪᠠᠽᠠᠷ᠂ ᠳᠠᠷᠬᠠᠨ-ᠠᠭᠤᠯᠠ ᠠᠶᠢᠮᠠᠭ ᠤᠨ ᠲᠠᠮᠢᠷᠴᠢᠨ ᠪ∙ᠠᠵᠠᠵᠢᠷᠭᠠᠯ ᠨᠠᠷ ᠰᠢᠯᠭᠠᠷᠠᠵᠠᠢ᠃ ᠤᠭ ᠲᠡᠮᠡᠴᠡᠭᠡᠨ ᠢᠷᠡᠬᠦ ᠣᠨ ᠤ ᠨᠢᠭᠡᠳᠦᠭᠡᠷ ᠰᠠᠷ᠎ᠠ ᠳᠤ ᠬᠢᠲᠠᠳ ᠤᠨ ᠱᠠᠩᠬᠠᠢ ᠬᠤᠲᠠ ᠳᠤ ᠪᠣᠯᠬᠤ BUDA-TOP ᠲᠠᠶ᠋ᠸᠺᠸᠤᠨᠳᠤ᠋ ᠶᠢᠨ ᠣᠯᠠᠨ ᠤᠯᠤᠰ ᠤᠨ ᠲᠡᠮᠡᠴᠡᠭᠡᠨ ᠳᠦ ᠤᠷᠤᠯᠴᠠᠬᠤ ᠲᠠᠮᠢᠷᠴᠢᠳ ᠢ ᠰᠣᠩᠭᠣᠨ ᠰᠢᠯᠭᠠᠷᠠᠭᠤᠯᠵᠤ ᠪᠠᠶᠢᠭ᠎ᠠ ᠪᠠᠷ ᠢᠶᠠᠨ ᠣᠨᠴᠠᠯᠢᠭ ᠶᠤᠮ᠃ ᠡᠶᠢᠮᠦ ᠳᠦ ᠣᠯᠠᠨ ᠤᠯᠤᠰ ᠤᠨ ᠲᠡᠮᠡᠴᠡᠭᠡᠨ ᠳᠦ ᠤᠷᠤᠯᠴᠠᠬᠤ ᠰᠢᠯᠢᠳᠡᠭ 15 ᠲᠠᠮᠢᠷᠴᠢᠨ ᠤ ᠵᠠᠷᠤᠳᠠᠯ ᠤᠨ 50 ᠬᠤᠪᠢ ᠶᠢ ︽ᠵᠢᠷᠭᠠᠯᠠᠩᠲᠤ ᠲᠠᠶ᠋ᠸᠺᠸᠤᠨᠳᠤ᠋ ᠶᠢᠨ ᠰᠤᠷᠭᠠᠯᠲᠠ ᠶᠢᠨ ᠲᠥᠪ︾ ᠲᠥᠯᠥᠬᠦ ᠪᠡᠷ ᠪᠣᠯᠵᠠᠢ᠃