ᠬ∙ᠠᠷᠢᠭᠤᠨᠵᠠᠶᠠᠭ᠎ᠠ ᠮ∙ᠫ∙ᠰᠢᠩᠾ ᠡᠴᠡ ᠱᠠᠩᠨᠠᠯ ᠢᠶᠠᠨ ᠭᠠᠷᠳᠠᠨ ᠠᠪᠴᠠᠢ  | News.MN

ᠬ∙ᠠᠷᠢᠭᠤᠨᠵᠠᠶᠠᠭ᠎ᠠ ᠮ∙ᠫ∙ᠰᠢᠩᠾ ᠡᠴᠡ ᠱᠠᠩᠨᠠᠯ ᠢᠶᠠᠨ ᠭᠠᠷᠳᠠᠨ ᠠᠪᠴᠠᠢ 

ᠮᠣᠩᠭᠣᠯ᠂ ᠡᠨᠡᠳᠬᠡᠭ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 64 ᠵᠢᠯ ᠦᠨ ᠣᠢ ᠳᠤ ᠵᠣᠷᠢᠭᠤᠯᠤᠭᠰᠠᠨ ︽ᠥᠩᠭᠡᠷᠡᠭᠰᠡᠨ᠂ ᠣᠳᠣ᠂ ᠢᠷᠡᠭᠡᠳᠦᠢ︾ ᠭᠠᠷ ᠤᠷᠠᠯᠠᠯ᠂ ᠤᠷᠠᠨ ᠵᠢᠷᠤᠭ ᠤᠨ ᠤᠷᠤᠯᠳᠤᠭᠠᠨ ᠳᠤ ᠰᠡᠯᠡᠩᠭᠡ ᠠᠶᠢᠮᠠᠭ ᠤᠨ ᠰᠠᠶᠢᠬᠠᠨ ᠰᠤᠮᠤ ᠶᠢᠨ ᠶᠡᠷᠦᠩᠬᠡᠢ ᠪᠣᠯᠪᠠᠰᠤᠷᠠᠯ ᠤᠨ ᠨᠢᠭᠡᠳᠦᠭᠡᠷ ᠰᠤᠷᠭᠠᠭᠤᠯᠢ ᠶᠢᠨ 11B ᠠᠩᠬᠢ ᠶᠢᠨ ᠰᠤᠷᠤᠭᠴᠢ ᠬ∙ᠠᠷᠢᠭᠤᠨᠵᠠᠶᠠᠭ᠎ᠠ ᠳᠡᠳ᠋ ᠪᠠᠶᠢᠷᠢ ᠳᠤ ᠰᠢᠯᠭᠠᠷᠠᠵᠠᠢ᠃ ᠲᠡᠷᠡ ᠪᠡᠷ ᠢᠰᠡᠭᠡᠢ ᠤᠷᠠᠯᠠᠯ ᠤᠨ ᠪᠦᠲᠦᠭᠡᠯ ᠢᠶᠡᠷ ᠢᠶᠡᠨ 19 ᠠᠶᠢᠮᠠᠭ ᠤᠨ 976 ᠰᠤᠷᠤᠭᠴᠢ ᠠᠴᠠ ᠤᠷ᠎ᠠ ᠤᠬᠠᠭᠠᠨ᠂ ᠠᠪᠢᠶᠠᠰ ᠴᠢᠳᠠᠪᠤᠷᠢ ᠪᠠᠷ ᠢᠶᠠᠨ ᠰᠢᠯᠭᠠᠷᠠᠵᠤ ᠂ ᠡᠶᠢᠨ ᠱᠠᠩᠨᠠᠯ ᠬᠦᠷᠲᠡᠭᠰᠡᠨ ᠪᠠᠶᠢᠨ᠎ᠠ᠃ ᠱᠠᠩᠨᠠᠯ ᠢ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮ∙ᠫ∙ᠰᠢᠩᠾ ᠥᠪᠡᠷ ᠦᠨ ᠪᠡᠶ᠎ᠡ ᠪᠡᠷ ᠭᠠᠷᠳᠠᠭᠤᠯᠤᠨ ᠥᠭᠴᠡᠢ᠃
ᠮᠣᠩᠭᠣᠯ ᠤᠯᠤᠰ᠂ ᠡᠨᠡᠳᠬᠡᠭ ᠤᠯᠤᠰ ᠬᠣᠭᠣᠷᠣᠨᠳᠣ 1955 ᠣᠨ ᠤ 12 ᠳ᠋ᠤᠭᠠᠷ ᠰᠠᠷ᠎ᠠ ᠶᠢᠨ 24  ᠳᠦ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠪᠥᠭᠡᠳ ᠬᠣᠶᠠᠷ ᠣᠷᠣᠨ ᠤ ᠠᠷᠠᠳ ᠲᠦᠮᠡᠨ ᠭᠠᠵᠠᠷ ᠵᠦᠢ ᠶᠢᠨ ᠬᠤᠪᠢ ᠳᠤ ᠬᠣᠯᠠ ᠣᠷᠣᠰᠢᠳᠠᠭ ᠴᠤ ᠰᠡᠳᠬᠢᠯ ᠰᠠᠨᠠᠭ᠎ᠠ᠂ ᠰᠤᠶᠤᠯ ᠤᠨ ᠬᠤᠪᠢ ᠳᠤ ᠣᠶᠢᠷ᠎ᠠ ᠪᠠᠶᠢᠳᠠᠭ ᠣᠶᠤᠨ ᠤ ᠬᠥᠷᠰᠢ ᠣᠷᠣᠨ ᠨᠤᠭᠤᠳ ᠶᠤᠮ᠃ ᠰᠡᠭᠦᠯ ᠦᠨ ᠵᠢᠯ ᠦᠳ ᠲᠦ ᠮᠠᠨ ᠤ ᠬᠣᠶᠠᠷ ᠣᠷᠣᠨ ᠤ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ ᠨᠡᠯᠢᠶᠡᠳ ᠡᠷᠴᠢᠮᠵᠢᠵᠦ ᠪᠠᠶᠢᠭ᠎ᠠ ᠪᠥᠭᠡᠳ ᠮᠠᠨ ᠤ ᠤᠯᠤᠰ ᠡᠨᠡᠳᠬᠡᠭ ᠡᠴᠡ ᠲᠥᠷᠥᠯ ᠪᠦᠷᠢ ᠶᠢᠨ ᠡᠮ᠂ ᠡᠮ ᠦᠨ ᠲᠦᠭᠦᠬᠡᠢ ᠡᠳ᠋᠂ ᠱᠦᠯᠬᠦᠭᠡ ᠶᠢᠨ ᠸᠠᠺᠼᠢᠨ ᠵᠡᠷᠭᠡ ᠶᠢ ᠠᠪᠳᠠᠭ ᠪᠠᠶᠢᠨ᠎ᠠ᠃

ᠰᠡᠳᠬᠢᠭᠳᠡᠯ ᠦᠯᠡᠳᠡᠭᠡᠬᠦ