ᠲᠡᠭᠦᠯᠳᠡᠷ ᠬᠤᠭᠤᠷᠴᠢ ᠰᠠᠶᠠᠨᠴᠡᠴᠡᠭ ᠤᠨ ᠲᠤᠭᠯᠠᠯᠲᠠ ᠪᠤᠯᠤᠨ᠎ᠠ | News.MN

ᠲᠡᠭᠦᠯᠳᠡᠷ ᠬᠤᠭᠤᠷᠴᠢ ᠰᠠᠶᠠᠨᠴᠡᠴᠡᠭ ᠤᠨ ᠲᠤᠭᠯᠠᠯᠲᠠ ᠪᠤᠯᠤᠨ᠎ᠠ

ᠰᠤᠤᠲᠤ ᠬᠥᠭᠵᠢᠮ ᠦᠨ ᠵᠣᠬᠢᠶᠠᠯᠴᠢ ᠪᠧᠲ᠋ᠬᠣᠸᠧᠨ ᠤ ᠮᠡᠨᠳᠦᠯᠡᠭᠰᠡᠨ ᠦ 250 ᠵᠢᠯ ᠦᠨ ᠣᠢ ᠢᠷᠡᠬᠦ ᠣᠨ ᠳᠤ ᠲᠣᠬᠢᠶᠠᠵᠤ ᠪᠠᠶᠢᠨ᠎ᠠ᠃ ᠡᠨᠡ ᠣᠢ ᠶᠢ ᠳᠡᠯᠡᠬᠡᠢ ᠳᠠᠶᠠᠭᠠᠷ ᠲᠡᠮᠳᠡᠭᠯᠡᠨ ᠥᠩᠭᠡᠷᠡᠭᠦᠯᠬᠦ ᠪᠥᠭᠡᠳ ᠮᠣᠩᠭᠣᠯ ᠤᠯᠤᠰ ᠤᠨ ᠰᠤᠶᠤᠯ ᠤᠨ ᠡᠯᠴᠢ᠂ ᠲᠡᠭᠦᠯᠳᠡᠷ ᠬᠤᠭᠤᠷᠴᠢ ᠰᠠᠩᠭᠢᠳᠣᠷᠵᠢ ᠶᠢᠨ ᠰᠠᠶᠠᠨᠴᠡᠴᠡᠭ ᠳᠡᠭᠡᠷᠡᠬᠢ ᠣᠢ ᠳᠤ ᠵᠣᠷᠢᠭᠤᠯᠤᠭᠰᠠᠨ ᠬᠦᠨᠳᠦᠳᠬᠡᠯ ᠦᠨ ᠲᠣᠭᠯᠠᠯᠲᠠ ᠪᠠᠨ 2020 ᠣᠨ ᠤ ᠨᠢᠭᠡᠳᠦᠭᠡᠷ ᠰᠠᠷ᠎ᠠ ᠶᠢᠨ 4 ᠍ ᠳᠦ ᠳᠠᠭᠤᠷᠢ ᠪᠦᠵᠢᠭ ᠦᠨ ᠡᠷᠳᠡᠮ ᠦᠨ ᠲᠢᠶᠠᠲ᠋ᠷ ᠲᠤ 19᠄00 ᠴᠠᠭ ᠲᠤ ᠬᠢᠬᠦ ᠪᠡᠷ ᠪᠣᠯᠵᠠᠢ᠃
ᠳᠠᠰᠢᠷᠠᠮ ᠳᠤ ᠳᠤᠭᠤᠯᠭᠠᠬᠤ ᠳᠤ᠂ ᠲᠡᠭᠦᠯᠳᠡᠷ ᠬᠤᠭᠤᠷᠴᠢ᠂ ᠲᠡᠭᠦᠯᠳᠡᠷ ᠬᠤᠭᠤᠷ ᠤᠨ ᠣᠯᠠᠨ ᠤᠯᠤᠰ ᠤᠨ ᠲᠡᠮᠡᠴᠡᠭᠡᠨ ᠦ ᠰᠢᠭᠦᠭᠴᠢ ᠰ∙ᠰᠠᠶᠠᠨᠴᠡᠴᠡᠭ ᠮᠣᠰᠺᠸᠠ᠂ ᠮᠸᠺᠰᠢᠺᠤ ᠵᠡᠷᠭᠡ ᠳᠡᠯᠡᠬᠡᠢ ᠶᠢᠨ ᠲᠣᠮᠣ ᠳᠠᠭᠤᠷᠢ ᠶᠢᠨ ᠲᠢᠶᠠᠲ᠋ᠷ ᠠᠴᠠ ᠭᠠᠳᠠᠨ᠎ᠠ ᠰᠣᠩᠭᠣᠳᠠᠭ ᠤᠷᠠᠯᠢᠭ ᠤᠨ ᠬᠢᠨ ᠤ ᠳᠡᠯᠡᠬᠡᠢ ᠶᠢᠨ ᠲᠠᠪᠴᠠᠩ ᠪᠣᠯᠤᠭᠰᠠᠨ ᠠᠯᠳᠠᠷᠲᠤ  ᠺᠠᠷᠨᠧᠭᠢ ᠬᠤᠯᠯ ᠳᠤ ᠤᠷᠠᠨ ᠪᠦᠲᠦᠭᠡᠯ ᠢᠶᠡᠨ ᠡᠭᠡᠰᠢᠭᠯᠡᠭᠦᠯᠦᠭᠰᠡᠨ ᠠᠩᠬᠠᠨ ᠤ ᠮᠣᠩᠭᠣᠯ ᠤᠷᠠᠨ ᠪᠦᠲᠦᠭᠡᠯᠴᠢ ᠪᠢᠯᠡ᠃

ᠰᠡᠳᠬᠢᠭᠳᠡᠯ ᠦᠯᠡᠳᠡᠭᠡᠬᠦ