︽ᠡᠷᠳᠡᠨᠢᠲᠦ︾ 60 ᠵᠢᠯ ᠠᠵᠢᠯᠯᠠᠬᠤ ᠪᠣᠯᠤᠮᠵᠢ ᠲᠠᠢ ᠪᠣᠯᠵᠠᠢ  | News.MN

 ︽ᠡᠷᠳᠡᠨᠢᠲᠦ︾ 60 ᠵᠢᠯ ᠠᠵᠢᠯᠯᠠᠬᠤ ᠪᠣᠯᠤᠮᠵᠢ ᠲᠠᠢ ᠪᠣᠯᠵᠠᠢ 

ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠠᠴᠠ ᠮᠣᠩᠭᠣᠯ ᠤᠯᠤᠰ ᠤᠨ ᠨᠡᠶᠢᠭᠡᠮ᠂ ᠡᠳ᠋ ᠍ ᠦᠨ ᠵᠠᠰᠠᠭ ᠤᠨ ᠬᠦᠭᠵᠢᠯ ᠳᠦ ᠪᠣᠳᠠᠲᠠᠢ ᠬᠤᠪᠢ ᠨᠡᠮᠡᠷᠢ ᠣᠷᠣᠭᠤᠯᠵᠤ ᠪᠤᠢ ᠣᠨ ᠤ ᠣᠨᠴᠠᠯᠠᠬᠤ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠨᠤᠭᠤᠳ᠂ ᠪᠢᠽᠢᠨᠧᠰ ᠡᠷᠬᠢᠯᠡᠭᠴᠢᠳ ᠢ ᠰᠢᠯᠭᠠᠷᠠᠭᠤᠯᠤᠨ ᠡᠷᠭᠦᠮᠵᠢᠯᠡᠳᠡᠭ Entrepreneur-2019 ᠶᠣᠰᠣᠯᠠᠯ ᠤᠨ ᠠᠷᠭ᠎ᠠ ᠬᠡᠮᠵᠢᠶ᠎ᠡ ᠶᠢ ᠥᠩᠭᠡᠷᠡᠭᠰᠡᠨ ᠪᠠᠰᠠᠩ ᠭᠠᠷᠠᠭ ᠲᠤ ᠪᠣᠯᠤᠯ᠎ᠠ᠃ 2019 ᠣᠨ ᠤ ᠰᠢᠯᠢᠳᠡᠭ ᠦᠨ ᠰᠢᠯᠢᠳᠡᠭ ᠪᠤᠶᠤ ᠭᠠᠷᠠᠨᠫᠷᠢ ᠱᠠᠩᠨᠠᠯ ᠤᠨ ᠡᠵᠡᠨ ᠢᠶᠡᠷ  ︽ᠡᠷᠳᠡᠨᠢᠲᠦ︾ ᠦᠢᠯᠡᠳᠪᠦᠷᠢ ᠰᠢᠯᠭᠠᠷᠠᠭᠰᠠᠨ ᠶᠤᠮ᠃ ᠲᠤᠰ ᠦᠢᠯᠡᠳᠪᠦᠷᠢ ᠡᠨᠡ ᠣᠨ ᠳᠤ ᠤᠯᠤᠰ ᠤᠨ ᠲᠥᠰᠦᠪ ᠲᠦ 930 ᠭᠠᠷᠤᠢ ᠲᠡᠷᠪᠤᠮ ᠲᠥᠭᠦᠷᠢᠭ ᠢ ᠲᠥᠪᠯᠡᠷᠡᠭᠦᠯᠵᠦ᠂ ᠲᠧᠭᠨᠢᠭ ᠲᠧᠭᠨᠣᠯᠣᠭᠢ ᠶᠢᠨ ᠣᠯᠠᠨ ᠰᠢᠨᠡᠴᠢᠯᠡᠯ ᠢ ᠬᠢᠭᠰᠡᠨ ᠠᠮᠵᠢᠯᠲᠠ ᠪᠠᠷ ᠢᠶᠠᠨ ᠡᠶᠢᠨ ᠬᠦ ᠰᠢᠯᠭᠠᠷᠠᠭᠰᠠᠨ ᠪᠠᠶᠢᠨ᠎ᠠ᠃
ᠱᠠᠩᠨᠠᠯ ᠭᠠᠷᠳᠠᠭᠤᠯᠬᠤ ᠶᠣᠰᠣᠯᠠᠯ ᠤᠨ ᠦᠶ᠎ᠡ ᠪᠡᠷ ︽ᠡᠷᠳᠡᠨᠢᠲᠦ︾ ᠶᠢᠨ ᠬ∙ᠪᠠᠳᠮᠠᠰᠦ᠋ᠷᠦᠩ᠄ ᠪᠢᠳᠡ ᠰᠡᠭᠦᠯ ᠦᠨ ᠭᠤᠷᠪᠠᠨ ᠵᠢᠯ ᠳᠦ ᠭᠧᠣᠯᠣᠭᠢ ᠬᠠᠶᠢᠭᠤᠯ ᠤᠨ ᠢᠶᠠᠨ ᠠᠵᠢᠯ ᠳᠤ ᠣᠨᠴᠠᠭᠠᠢ ᠠᠩᠬᠠᠷᠤᠯ ᠬᠠᠨᠳᠤᠭᠤᠯᠤᠯ᠎ᠠ᠃ ᠡᠨᠡ ᠬᠤᠭᠤᠴᠠᠭᠠᠨ ᠳᠤ 20 ᠣᠷᠴᠢᠮ ᠰᠠᠶ᠎ᠠ ᠳ᠋ᠣᠯᠯᠠᠷ ᠢ ᠭᠧᠣᠯᠣᠭᠢ ᠶᠢᠨ ᠰᠤᠳᠤᠯᠭᠠᠨ ᠪᠣᠯᠤᠨ ᠪᠤᠰᠤᠳ ᠲᠥᠷᠦᠯ ᠪᠦᠷᠢ ᠶᠢᠨ ᠠᠵᠢᠯ ᠳᠤ ᠵᠠᠷᠤᠴᠠᠭᠤᠯᠤᠯ᠎ᠠ᠃ ᠡᠭᠦᠨ ᠦ ᠦᠷ᠎ᠡ ᠳ᠋ᠦᠩ ᠳᠦ ᠦᠢᠯᠡᠳᠪᠦᠷᠢᠯᠡᠯ ᠦᠨ ᠢᠶᠡᠨ ᠨᠥᠭᠡᠴᠡ ᠪᠠᠶᠠᠯᠢᠭ ᠢ 20 ᠵᠢᠯ ᠢᠶᠡᠷ ᠤᠷᠲᠤᠰᠬᠠᠵᠤ ᠴᠢᠳᠠᠭᠰᠠᠨ᠃ ᠴᠢᠨᠠᠭᠰᠢᠳᠠ ᠪᠠᠨ ᠦᠢᠯᠡᠳᠪᠦᠷᠢ ᠮᠠᠨᠢ ᠪᠤᠶᠠᠨ ᠲᠠᠢ ᠠᠭᠤᠯᠠ ᠪᠠᠨ ᠲᠦᠰᠢᠭᠯᠡᠭᠡᠳ ᠨᠠᠭᠠᠨᠠᠳᠠᠵᠤ 60 ᠵᠢᠯ ᠠᠵᠢᠯᠯᠠᠬᠤ ᠪᠣᠯᠤᠮᠵᠢ ᠪᠥᠷᠢᠳᠴᠦ ᠪᠠᠶᠢᠨ᠎ᠠ ᠭᠡᠰᠡᠨ ᠶᠤᠮ ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

oyun 2019-12-25 43.228.129.155

Dahiad hundlun boljee