ᠺᠠᠨᠠᠳᠠ ᠶᠢᠨ ᠡᠯᠴᠢᠨ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ  | News.MN

ᠺᠠᠨᠠᠳᠠ ᠶᠢᠨ ᠡᠯᠴᠢᠨ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ 

ᠺᠠᠨᠠᠳᠠ ᠤᠯᠤᠰ ᠠᠴᠠ ᠮᠣᠩᠭᠣᠯ ᠤᠯᠤᠰ ᠲᠤ ᠰᠠᠭᠤᠬᠤ ᠡᠯᠴᠢᠨ ᠰᠠᠶᠢᠳ ᠢᠶᠠᠷ ᠲᠣᠮᠢᠯᠠᠭᠳᠠᠨ ᠢᠷᠡᠭᠰᠡᠨ ᠬᠠᠲᠤᠭᠲᠠᠢ ᠺᠡᠲᠷᠢᠨ ᠢᠪᠺᠣᠹ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠯ᠎ᠠ᠃
ᠶᠡᠷᠦᠩᠬᠡᠶᠢᠯᠡᠭᠴᠢ ᠬ∙ᠪᠠᠲᠤᠲᠤᠯᠭ᠎ᠠ ᠲᠡᠭᠦᠨ ᠲᠠᠢ ᠬᠣᠶᠠᠷ ᠣᠷᠣᠨ ᠤ ᠡᠳ᠋  ᠦᠨ ᠵᠠᠰᠠᠭ᠂ ᠰᠤᠶᠤᠯ᠂ ᠰᠫᠣᠷᠲ ᠤᠨ ᠬᠠᠷᠢᠯᠴᠠᠭᠠᠨ ᠤ ᠠᠰᠠᠭᠤᠳᠠᠯ ᠢᠶᠠᠷ ᠰᠠᠨᠠᠯ ᠰᠤᠯᠢᠯᠴᠠᠪᠠ᠃ ᠮᠣᠩᠭᠣᠯ᠂ ᠺᠠᠨᠠᠳᠠ ᠶᠢᠨ ᠭᠠᠳᠠᠭᠠᠳᠤ ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠲᠡᠭᠦᠨ ᠦ ᠪᠦᠲᠦᠴᠡ ᠨᠢ ᠠᠭᠤᠯᠠ ᠠᠭᠤᠷᠬᠠᠢ᠂ ᠠᠰᠢᠭᠲᠤ ᠮᠠᠯᠲᠠᠮᠠᠯ ᠳᠤ ᠲᠤᠯᠭᠠᠭᠤᠷᠢᠯᠠᠭᠰᠠᠨ ᠪᠠᠶᠢᠳᠠᠭ ᠲᠤᠯᠠ ᠡᠳ᠋ ᠍ ᠦᠨ ᠵᠠᠰᠠᠭ ᠤᠨ ᠬᠠᠷᠢᠯᠴᠠᠭ᠎ᠠ ᠪᠠᠨ ᠲᠥᠷᠦᠯᠵᠢᠭᠦᠯᠬᠦ ᠳᠦ᠂ ᠲᠡᠷᠡ ᠳᠤᠮᠳᠠ ᠪᠠᠨ ᠬᠥᠳᠡᠭᠡ ᠠᠵᠤ ᠠᠬᠤᠢ ᠶᠢᠨ ᠰᠠᠯᠪᠤᠷᠢ ᠶᠢᠨ ᠣᠷᠣᠯᠴᠠᠭ᠎ᠠ ᠶᠢ ᠨᠡᠮᠡᠭᠳᠡᠭᠦᠯᠬᠦ ᠳᠦ ᠲᠦᠯᠬᠢᠭᠦᠦ ᠠᠩᠬᠠᠷᠬᠤ ᠶᠢ ᠡᠯᠴᠢᠨ ᠰᠠᠶᠢᠳ ᠠᠴᠠ ᠬᠦᠰᠡᠯ᠎ᠡ᠃ ᠮᠥᠨ ᠮᠣᠩᠭᠣᠯ ᠤᠯᠤᠰ ᠤᠨ ᠠᠯᠤᠰᠯᠠᠭᠳᠠᠭᠰᠠᠨ ᠰᠤᠮᠤᠳ ᠢ ᠺᠠᠨᠠᠳᠠ ᠲᠧᠭᠨᠣᠯᠣᠭᠢ ᠪᠠᠷ ᠰᠢᠨᠡᠳᠭᠡᠬᠦ ᠠᠵᠢᠯ ᠡᠬᠢᠯᠡᠭᠰᠡᠨ ᠲᠠᠯ᠎ᠠ ᠪᠠᠷ  ᠳᠤᠭᠤᠯᠭᠠᠵᠤ᠂ ᠲᠥᠰᠥᠯ ᠲᠡᠢ ᠲᠠᠨᠢᠯᠴᠠᠬᠤ᠂ ᠪᠤᠰᠤᠳ ᠰᠤᠮᠤᠳ ᠢ ᠰᠢᠨᠡᠳᠭᠡᠬᠦ ᠠᠵᠢᠯ ᠳᠤ ᠡᠯᠴᠢᠨ ᠰᠠᠶᠢᠳ ᠢ ᠢᠳᠡᠪᠬᠢᠲᠡᠢ ᠣᠷᠣᠯᠴᠠᠬᠤ ᠶᠢ ᠤᠷᠢᠶᠠᠯᠠᠪᠠ᠃  ᠬᠤᠶᠠᠷ ᠲᠠᠯ᠎ᠠ ᠮᠥᠨ ᠰᠫᠣᠷᠲ ᠤᠨ ᠬᠠᠮᠲᠤᠷᠠᠭᠰᠠᠨ ᠪᠡᠯᠡᠳᠬᠡᠯ ᠬᠢᠬᠦ᠂ ᠪᠠᠭᠰᠢ ᠳᠠᠰᠬᠠᠯᠵᠢᠭᠤᠯᠤᠭᠴᠢ ᠪᠠᠨ ᠬᠠᠷᠢᠯᠴᠠᠨ ᠰᠤᠯᠢᠯᠴᠠᠬᠤ ᠵᠡᠷᠭᠡ ᠰᠫᠣᠷᠲ ᠤᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠠᠰᠠᠭᠤᠳᠠᠯ ᠢᠶᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ