ᠶᠠᠫᠣᠨ ᠤᠯᠤᠰ ᠠᠴᠠ ᠮᠣᠩᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠺᠣᠪᠠᠶᠠᠰᠢ ᠾᠢᠷᠤᠶᠤᠺᠢ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ᠃ ᠨᠣᠶᠠᠨ ᠺᠣᠪᠠᠶᠠᠰᠢ ᠾᠢᠷᠤᠶᠤᠺᠢ ᠡᠮᠦᠨ᠎ᠡ ᠨᠢ ᠮᠣᠩᠭᠣᠯ ᠤᠯᠤᠰ ᠲᠤ ᠬᠣᠶᠠᠷ ᠴᠤ ᠤᠳᠠᠭ᠎ᠠ ᠳ᠋ᠢᠫᠯᠣᠮᠠᠲ ᠠᠯᠪᠠᠨ ᠳᠤ ᠲᠣᠮᠢᠯᠠᠭᠳᠠᠨ ᠠᠵᠢᠯᠯᠠᠵᠤ ᠪᠠᠶᠢᠭᠰᠠᠨ ᠪᠥᠭᠡᠳ ᠡᠨᠡ ᠲᠤᠷᠰᠢᠯᠭ᠎ᠠ ᠨᠢ ᠮᠣᠩᠭᠣᠯ ᠂ ᠶᠠᠫᠣᠨ ᠤ ᠰᠲᠷᠠᠲ᠋ᠧᠭᠢ ᠶᠢᠨ ᠲᠦᠩᠰᠢᠯᠡᠯ᠂ ᠡᠳ᠋ ᠦᠨ ᠵᠠᠰᠠᠭ ᠤᠨ ᠬᠠᠷᠢᠯᠴᠠᠭ᠎ᠠ ᠶᠢ ᠥᠷᠭᠡᠵᠢᠭᠦᠯᠬᠦ ᠳᠦ ᠴᠢᠬᠤᠯᠠ ᠨᠥᠯᠥᠭᠡ ᠲᠡᠢ ᠪᠣᠯᠬᠤ ᠶᠢ ᠮᠣᠩᠭᠣᠯ ᠤᠯᠤᠰ ᠤᠨ ᠶᠡᠷᠦᠩᠬᠡᠶᠢᠯᠡᠭᠴᠢ ᠣᠨᠴᠠᠯᠠᠨ ᠲᠡᠮᠳᠡᠭᠯᠡᠯ᠎ᠡ᠃
ᠶᠠᠫᠣᠨ ᠤᠯᠤᠰ ᠲᠠᠢ ᠬᠥᠭᠵᠢᠭᠦᠯᠬᠦ ᠡᠳ᠋ ᠍ ᠦᠨ ᠵᠠᠰᠠᠭ ᠤᠨ ᠭᠣᠣᠯ ᠬᠠᠷᠢᠯᠴᠠᠭ᠎ᠠ ᠨᠢ ᠮᠣᠩᠭᠣᠯ ᠤᠯᠤᠰ ᠲᠤ ᠬᠡᠷᠡᠭᠵᠢᠵᠦ ᠪᠤᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠲᠠᠢ ᠬᠣᠯᠪᠣᠭᠳᠠᠬᠤ ᠲᠤᠯᠠ ᠲᠤᠰ ᠤᠯᠤᠰ ᠲᠠᠢ ᠨᠡᠭᠦᠷᠡᠰᠦᠨ ᠦ ᠡᠺᠰᠫᠣᠷᠲ ᠤᠨ ᠠᠰᠠᠭᠤᠳᠠᠯ ᠢᠶᠠᠷ ᠶᠠᠷᠢᠶ᠎ᠠ ᠬᠡᠯᠡᠯᠴᠡᠭᠡᠷ ᠬᠢᠬᠦ ᠰᠣᠨᠢᠷᠬᠠᠯᠲᠠᠢ ᠪᠠᠶᠢᠭ᠎ᠠ ᠪᠠᠨ ᠶᠡᠷᠦᠩᠬᠡᠶᠢᠯᠡᠭᠴᠢ ᠬ∙ᠪᠠᠲᠤᠲᠤᠯᠭ᠎ᠠ ᠢᠯᠡᠷᠬᠡᠶᠢᠯᠡᠵᠦ᠂ ᠬᠤᠶᠠᠷ ᠲᠠᠯ᠎ᠠ ᠡᠨᠡ ᠠᠰᠠᠭᠤᠳᠠᠯ ᠢᠶᠠᠷ ᠳᠠᠬᠢᠨ ᠠᠭᠤᠯᠵᠠᠵᠤ᠂ ᠶᠠᠷᠢᠯᠴᠠᠬᠤ ᠪᠠᠷ ᠪᠣᠯᠤᠭᠰᠠᠨ ᠶᠤᠮ᠃ ᠮᠥᠨ ᠤᠳᠠᠬᠤ ᠦᠭᠡᠢ ᠶᠠᠫᠣᠨ ᠤᠯᠤᠰ ᠲᠤ ᠪᠣᠯᠬᠤ ᠵᠤᠨ ᠤ ᠣᠯᠢᠮᠫ ᠤᠨ ᠳᠠᠷᠠᠭ᠎ᠠ ᠮᠣᠩᠭᠣᠯ ᠤᠯᠤᠰ ᠲᠤ ︽ᠠᠽᠢᠶ᠎ᠠ ᠶᠢᠨ ᠬᠡᠦᠬᠡᠳ ᠦᠳ︾ ᠣᠯᠠᠨ ᠤᠯᠤᠰ ᠤᠨ ᠰᠫᠣᠷᠲ ᠤᠨ ᠨᠠᠭᠠᠳᠤᠮ ᠪᠣᠯᠬᠤ ᠲᠤᠯᠠ ᠲᠡᠮᠡᠴᠡᠭᠡᠨ ᠦ ᠪᠡᠯᠡᠳᠬᠡᠯ ᠠᠵᠢᠯ ᠪᠣᠯᠤᠭᠠᠳ ᠵᠠᠯᠠᠭᠤ ᠲᠠᠮᠢᠷᠴᠢᠳ ᠤᠨ ᠪᠡᠯᠡᠳᠬᠡᠬᠦ ᠠᠰᠠᠭᠤᠳᠠᠯ ᠢᠶᠠᠷ ᠬᠠᠮᠲᠤᠷᠠᠨ ᠠᠵᠢᠯᠯᠠᠬᠤ ᠪᠠᠷ ᠶᠠᠷᠢᠯᠴᠠᠯ᠎ᠠ᠃