ᠦᠨᠡᠲᠦ ᠮᠧᠲ᠋ᠠᠯ ᠬᠤᠳᠠᠯᠳᠤᠬᠤ᠂ ᠬᠤᠳᠠᠯᠳᠤᠨ ᠠᠪᠬᠤ ᠭᠡᠷ᠎ᠡ ᠪᠠᠶᠢᠭᠤᠯᠤᠯ᠎ᠠ  | News.MN

ᠦᠨᠡᠲᠦ ᠮᠧᠲ᠋ᠠᠯ ᠬᠤᠳᠠᠯᠳᠤᠬᠤ᠂ ᠬᠤᠳᠠᠯᠳᠤᠨ ᠠᠪᠬᠤ ᠭᠡᠷ᠎ᠡ ᠪᠠᠶᠢᠭᠤᠯᠤᠯ᠎ᠠ 

︽ᠡᠷᠳᠡᠨᠢᠰ ᠮᠣᠩᠭᠣᠯ︾ ᠺᠤᠮᠫᠠᠨᠢ᠂ ︽ᠡᠷᠳᠡᠨᠢᠰ ᠰᠢᠯᠸᠸᠷ ᠷᠧᠰᠤᠷᠰ︾ ᠺᠤᠮᠫᠠᠨᠢ ᠮᠣᠩᠭᠣᠯ ᠪᠠᠩᠬᠢ ᠲᠠᠢ ᠦᠨᠡᠲᠦ ᠮᠧᠲ᠋ᠠᠯ ᠬᠤᠳᠠᠯᠳᠤᠬᠤ᠂ ᠬᠤᠳᠠᠯᠳᠤᠨ ᠠᠪᠬᠤ ᠬᠠᠮᠲᠤ ᠶᠢᠨ ᠠᠵᠢᠯᠯᠠᠭᠠᠨ ᠤ ᠭᠡᠷ᠎ᠡ ᠶᠢ ᠪᠠᠶᠢᠭᠤᠯᠵᠤ᠂  ᠰᠠᠯᠬᠢᠲᠤ ᠶᠢᠨ ᠮᠥᠩᠭᠥᠨ ᠦ ᠣᠷᠳᠣ ᠠᠴᠠ ᠣᠯᠪᠤᠷᠢᠯᠠᠵᠤ᠂ ᠴᠡᠪᠡᠷᠰᠢᠭᠦᠯᠦᠭᠰᠡᠨ ᠮᠥᠩᠭᠥᠨ ᠦ ᠳᠡᠭᠡᠵᠢ ᠶᠢ ᠡᠷᠳᠡᠨᠢᠰ ᠦᠨ ᠰᠠᠩ ᠳᠤ ᠲᠤᠰᠢᠶᠠᠯ᠎ᠠ᠃ ᠲᠠᠪᠤᠨ ᠵᠢᠯ ᠦᠨ ᠬᠤᠭᠤᠴᠠᠭ᠎ᠠ ᠲᠠᠢ ᠡᠨᠡᠬᠦ ᠭᠡᠷ᠎ᠡ ᠪᠠᠷ 850-980 ᠬᠤᠪᠢ ᠠᠴᠠ ᠳᠣᠭᠣᠭᠰᠢ ᠦᠭᠡᠢ ᠰᠣᠷᠢᠴᠠ ᠲᠠᠢ ᠠᠯᠲᠠ᠂ ᠮᠥᠩᠭᠥ ᠪᠣᠯᠬᠤ ᠦᠨᠡᠲᠦ ᠮᠧᠲ᠋ᠠᠯ ᠤᠨ ᠠᠭᠤᠯᠤᠮᠵᠢ ᠪᠦᠬᠦᠢ ᠭᠤᠯᠳᠤᠮᠠᠢ ᠶᠢ ︽ᠡᠷᠳᠡᠨᠢᠰ ᠰᠢᠯᠸᠸᠷ ᠷᠧᠰᠤᠷᠰ︾  ᠺᠣᠮᠫᠠᠨᠢ ᠮᠣᠩᠭᠣᠯ ᠪᠠᠩᠬᠢᠨ ᠳᠤ ᠨᠡᠶᠢᠯᠡᠭᠦᠯᠵᠦ᠂ ᠲᠥᠯᠥᠪᠦᠷᠢ ᠠᠪᠬᠤ ᠶᠤᠮ᠃
ᠭᠡᠷ᠎ᠡ ᠳᠦ ᠭᠠᠷ ᠤᠨ ᠦᠰᠦᠭ ᠵᠢᠷᠤᠬᠤ ᠶᠣᠰᠣᠯᠠᠯ ᠳᠤ ᠤᠯᠤᠰ ᠤᠨ ᠶᠡᠬᠡ ᠬᠤᠷᠠᠯ ᠤᠨ ᠳᠠᠷᠤᠭ᠎ᠠ ᠭ∙  ᠽᠠᠨᠳᠠᠨᠰᠢᠲᠠᠷ᠎ᠠ ᠤᠷᠤᠯᠴᠠᠵᠤ ᠦᠭᠡ ᠬᠡᠯᠡᠪᠡ᠃ ᠲᠡᠷᠡ ᠪᠡᠷ᠄ ᠥᠨᠥᠳᠥᠷ ᠪᠢᠳᠡ ᠲᠡᠦᠬᠡᠨ ᠦᠢᠯᠡ ᠶᠠᠪᠤᠳᠠᠯ ᠤᠨ ᠭᠡᠷᠡᠴᠢ ᠪᠣᠯᠤᠯ᠎ᠠ᠃ ᠰᠠᠯᠬᠢᠲᠤ ᠶᠢᠨ ᠮᠥᠩᠭᠥᠨ ᠦ ᠣᠷᠳᠣ ᠰᠲᠷᠠᠲ᠋ᠧᠭᠢ ᠶᠢᠨ ᠲᠣᠮᠣ ᠣᠷᠳᠣ ᠪᠢᠰᠢ᠃ ᠡᠨᠡ ᠣᠷᠳᠣ ᠬᠡᠰᠡᠭ ᠪᠦᠯᠦᠭ ᠬᠦᠮᠦᠨ ᠦ ᠬᠠᠤᠯᠢ ᠪᠤᠰᠤ ᠦᠢᠯᠡ ᠠᠵᠢᠯᠯᠠᠭᠠᠨ ᠤ ᠵᠣᠯᠢᠶᠠᠰᠤ ᠪᠣᠯᠵᠤ ᠪᠠᠶᠢᠭᠰᠠᠨ ᠪᠣᠯ ᠥᠨᠥᠳᠥᠷ ᠳᠡᠭᠡᠵᠢ ᠶᠢ ᠨᠢ ᠮᠣᠩᠭᠣᠯ ᠪᠠᠩᠭᠢᠨ ᠤ ᠡᠷᠳᠡᠨᠢᠰ ᠦᠨ ᠰᠠᠩ ᠳᠤ ᠲᠤᠰᠢᠶᠠᠵᠤ ᠪᠠᠶᠢᠨ᠎ᠠ᠃ ᠦᠨᠳᠦᠰᠦᠨ ᠦ ᠪᠠᠶᠠᠯᠢᠭ ᠤᠨ ᠰᠠᠩ ᠪᠠᠶᠢᠭᠤᠯᠬᠤ ᠲᠣᠮᠣ ᠡᠬᠢᠯᠡᠯ ᠢ ᠡᠨᠡ ᠭᠡᠷ᠎ᠡ ᠪᠡᠷ ᠲᠠᠯᠪᠢᠵᠤ ᠪᠠᠶᠢᠨ᠎ᠠ᠃ 2019 ᠣᠨ ᠥᠭᠡᠷᠡᠴᠢᠯᠡᠯᠲᠡ ᠰᠢᠨᠡᠴᠢᠯᠡᠯᠲᠡ ᠶᠢᠨ ᠵᠢᠯ ᠪᠠᠶᠢᠭᠰᠠᠨ᠃ ᠳᠠᠷᠠᠭ᠎ᠠ ᠵᠢᠯ ᠪᠢᠳᠡ ᠢᠷᠡᠬᠦ ᠣᠨ ᠨᠤᠭᠤᠳ ᠤᠨ ᠬᠥᠭᠵᠢᠯ ᠦᠨ ᠰᠠᠭᠤᠷᠢ ᠶᠢ ᠲᠠᠯᠪᠢᠨ᠎ᠠ᠃ ᠦᠨᠳᠦᠰᠦᠨ ᠬᠠᠤᠯᠢ ᠶᠢᠨ 6.1 ᠍ ᠳᠦ ︽ᠭᠠᠵᠠᠷ᠂ ᠭᠠᠵᠠᠷ ᠤᠨ ᠬᠡᠪᠡᠯᠢ᠂ ᠣᠢ᠂ ᠤᠰᠤᠨ ᠤ ᠨᠥᠭᠡᠴᠡ ᠠᠷᠠᠳ ᠲᠦᠮᠡᠨ ᠦ ᠮᠡᠳᠡᠯ ᠳᠦ᠂ ᠲᠥᠷᠥ ᠶᠢᠨ ᠬᠠᠮᠠᠭᠠᠯᠠᠯᠲᠠ ᠳᠤ ᠪᠠᠶᠢᠨ᠎ᠠ︾ ᠭᠡᠵᠦ ᠵᠢᠭᠠᠭᠰᠠᠨ᠃ ᠡᠨᠡ ᠪᠠᠶᠠᠯᠢᠭ ᠢ ᠤᠷᠲᠤ ᠬᠤᠭᠤᠴᠠᠭᠠᠨ ᠤ ᠪᠣᠳᠣᠯᠭ᠎ᠠ ᠳᠤ ᠦᠨᠳᠦᠰᠦᠯᠡᠨ᠂ ᠦᠷ᠎ᠡ ᠦᠭᠭᠦᠭᠡᠵᠢ ᠲᠡᠢ ᠠᠰᠢᠭᠯᠠᠨ᠎ᠠ᠃ ᠣᠷᠣᠯᠭ᠎ᠠ ᠶᠢ ᠦᠨᠳᠦᠰᠦᠨ ᠦ ᠪᠠᠶᠠᠯᠢᠭ ᠤᠨ ᠰᠠᠩ ᠳᠤ ᠲᠥᠪᠯᠡᠷᠡᠭᠦᠯᠦᠨ᠎ᠡ᠃ ᠴᠢᠨᠠᠭᠰᠢᠳᠠ ᠬᠥᠭᠵᠢᠯ ᠦᠨ ᠪᠠᠩᠬᠢ ᠠᠯᠲᠠ᠂ ᠮᠥᠩᠭᠥ ᠪᠡᠨ ᠪᠠᠷᠢᠴᠠᠭᠠᠯᠠᠨ ᠪᠤᠨᠳ᠋ ᠭᠠᠷᠭᠠᠬᠤ ᠪᠣᠯᠤᠯᠴᠠᠭ᠎ᠠ ᠲᠠᠢ ᠭᠡᠯ᠎ᠡ᠃

ᠰᠡᠳᠬᠢᠭᠳᠡᠯ ᠦᠯᠡᠳᠡᠭᠡᠬᠦ