ᠴ∙ᠭᠠᠩᠪᠠᠲᠤ ᠶᠢᠨ ᠪᠦᠲᠦᠭᠡᠯ ᠳᠡᠯᠡᠬᠡᠢ ᠶᠢᠨ ᠰᠢᠯᠢᠳᠡᠭ ᠲᠦ ᠪᠠᠭᠲᠠᠵᠠᠢ  | News.MN

ᠴ∙ᠭᠠᠩᠪᠠᠲᠤ ᠶᠢᠨ ᠪᠦᠲᠦᠭᠡᠯ ᠳᠡᠯᠡᠬᠡᠢ ᠶᠢᠨ ᠰᠢᠯᠢᠳᠡᠭ ᠲᠦ ᠪᠠᠭᠲᠠᠵᠠᠢ 

ᠮᠣᠩᠭᠣᠯ ᠤᠨ ᠭᠡᠷᠡᠯ ᠵᠢᠷᠤᠭᠴᠢᠳ ᠤᠨ ᠨᠢᠭᠡᠳᠦᠭᠰᠡᠨ ᠬᠣᠯᠪᠣᠭᠠᠨ ᠤ ᠳᠡᠳ᠋ ᠶᠡᠷᠦᠩᠬᠡᠶᠢᠯᠡᠭᠴᠢ᠂ ᠭᠡᠷᠡᠯ ᠵᠢᠷᠤᠭᠴᠢᠨ ᠴ∙ᠭᠠᠩᠪᠠᠲᠤ ᠶᠢᠨ ᠪᠦᠲᠦᠭᠡᠯ ᠳᠡᠯᠡᠬᠡᠢ ᠶᠢᠨ ᠰᠢᠯᠢᠳᠡᠭ ᠲᠦ ᠨᠡᠷᠡᠯᠡᠭᠳᠡᠵᠡᠢ᠃ ᠲᠣᠳᠣᠷᠠᠭᠤᠯᠪᠠᠯ᠂ ᠣᠯᠠᠨ ᠤᠯᠤᠰ ᠤᠨ ᠰᠫᠣᠷᠲ ᠤᠨ ᠰᠡᠳᠬᠦᠯᠴᠢᠳ ᠦᠨ ᠬᠣᠯᠪᠣᠭ᠎ᠠ ︵AIPS︶ ᠶᠢᠨ ᠰᠫᠣᠷᠲ ᠤᠨ ᠰᠡᠳᠬᠦᠯ  ᠵᠦᠢ ᠶᠢᠨ ᠰᠢᠯᠢᠳᠡᠭ ᠦᠳ ᠢ ᠰᠢᠯᠭᠠᠷᠠᠭᠤᠯᠬᠤ AIPS Sport Media Awards ᠳᠦ ᠲᠡᠭᠦᠨ ᠤ ᠪᠦᠲᠦᠭᠡᠯ ᠰᠢᠯᠢᠳᠡᠭ ᠲᠦ ᠪᠠᠭᠲᠠᠭᠰᠠᠨ ᠪᠠᠶᠢᠨ᠎ᠠ᠃ ᠳᠡᠯᠡᠬᠡᠢ ᠶᠢᠨ 125 ᠣᠷᠣᠨ ᠤ ᠰᠫᠣᠷᠲ ᠤᠨ ᠭᠡᠷᠡᠯ ᠵᠢᠷᠤᠭᠴᠢᠳ ᠤᠨ 1746 ᠰᠢᠯᠢᠳᠡᠭ ᠪᠦᠲᠦᠭᠡᠯ ᠪᠤᠶᠤ ᠭᠡᠷᠡᠯ ᠵᠢᠷᠤᠭ ᠡᠨᠡ ᠣᠨ ᠤ ᠰᠢᠯᠭᠠᠷᠠᠭᠤᠯᠤᠯᠲᠠ ᠳᠤ ᠥᠷᠢᠰᠦᠯᠳᠦᠭᠰᠡᠨ ᠪᠥᠭᠡᠳ ᠲᠡᠭᠦᠨ ᠡᠴᠡ ᠰᠢᠯᠢᠳᠡᠭ 30 ᠵᠢᠷᠤᠭ ᠰᠢᠯᠭᠠᠷᠠᠭᠤᠯᠤᠭᠰᠠᠨ ᠪᠠᠶᠢᠵᠠᠢ᠃
2020 ᠣᠨ ᠤ ᠨᠢᠭᠡᠳᠦᠭᠡᠷ ᠰᠠᠷ᠎ᠠ ᠶᠢᠨ 15 ᠍ ᠳᠦ AIPS Sport Media Awards ᠍ ᠤᠨ ᠨᠤᠮᠢᠨᠠᠼ ᠲᠤᠰ ᠪᠦᠷᠢ ᠶᠢᠨ ᠭᠤᠷᠪᠠᠨ ᠢᠯᠠᠭᠴᠢ ᠶᠢ ᠲᠣᠳᠣᠷᠠᠭᠤᠯᠬᠤ ᠪᠥᠭᠡᠳ ᠱᠠᠩᠨᠠᠯ ᠭᠠᠷᠳᠠᠭᠤᠯᠬᠤ ᠶᠣᠰᠣᠯᠠᠯ 2020 ᠣᠨ ᠤ ᠬᠣᠶᠠᠳᠤᠭᠠᠷ ᠰᠠᠷ᠎ᠠ ᠶᠢᠨ 3 ᠍ ᠳᠦ ᠬᠠᠩᠭᠠᠷᠢ ᠶᠢᠨ ᠪᠤᠲᠠᠫᠧᠱᠲ  ᠬᠤᠲᠠ ᠳᠤ ᠪᠣᠯᠬᠤ ᠣᠯᠠᠨ ᠤᠯᠤᠰ ᠤᠨ ᠰᠫᠣᠷᠲ ᠤᠨ ᠰᠡᠳᠬᠦᠯᠴᠢᠳ ᠦᠨ ᠬᠣᠯᠪᠣᠭᠠᠨ ᠤ 83 ᠳ᠋ᠤᠭᠠᠷ ᠶᠡᠬᠡ ᠬᠤᠷᠠᠯ ᠤᠨ ᠦᠶ᠎ᠡ ᠪᠡᠷ ᠪᠣᠯᠬᠤ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ