ᠳ᠋ᠤᠫᠢᠨ ᠤ ᠡᠰᠡᠷᠭᠦ ᠦᠨᠳᠦᠰᠦᠨ ᠦ ᠲᠦᠪ ᠦᠨ ᠬᠢᠨ 2017 ᠣᠨ ᠤ ᠠᠷᠪᠠᠨ ᠬᠣᠶᠠᠳᠤᠭᠠᠷ ᠰᠠᠷ᠎ᠠ ᠳᠤ ᠵᠠᠷᠢᠮ ᠪᠥᠬᠡ ᠡᠴᠡ ᠳ᠋ᠤᠫᠢᠨ ᠤ ᠭᠡᠨᠡᠳᠲᠡ ᠶᠢᠨ ᠰᠢᠨᠵᠢᠯᠡᠭᠡ ᠠᠪᠤᠭᠰᠠᠨ᠃ ᠨᠡᠶᠢᠲᠡ ᠳᠦ ᠪᠡᠨ 31 ᠪᠥᠬᠡ ᠰᠢᠨᠵᠢᠯᠡᠭᠡᠨ ᠳᠦ ᠬᠠᠮᠤᠷᠤᠭᠳᠠᠭᠰᠠᠨ ᠪᠥᠭᠡᠳ ᠤᠯᠤᠰ ᠤᠨ ᠭᠠᠷᠤᠳᠢ ᠥ᠊∙ᠪᠠᠲᠤ ᠤᠷᠤᠰᠢᠬᠤ ᠂ ᠤᠯᠤᠰ ᠤᠨ ᠵᠠᠭᠠᠨ ᠪ∙ᠫᠦᠷᠪᠦᠰᠠᠶᠢᠬᠠᠨ ᠂ ᠤᠯᠤᠰ ᠤᠨ ᠨᠠᠴᠢᠨ ᠡ᠊∙ᠳᠠᠰᠢ᠂ ᠠᠶᠢᠮᠠᠭ ᠤᠨ ᠬᠤᠷᠴᠠ ᠠᠷᠰᠯᠠᠨ ᠪ∙ᠨᠣᠮᠢᠨᠳᠠᠯᠠᠢ᠂ ᠰᠤᠮᠤ ᠶᠢᠨ ᠵᠠᠭᠠᠨ ᠰ∙ᠮᠠᠶᠢᠨᠪᠠᠶᠠᠷ ᠨᠠᠷ ᠠᠴᠠ ᠳ᠋ᠤᠫᠢᠨ ᠢᠯᠡᠷᠡᠵᠦ ᠪᠠᠷᠢᠯᠳᠤᠬᠤ ᠡᠷᠬᠡ ᠪᠡᠨ ᠬᠠᠰᠤᠭᠤᠯᠤᠭᠰᠠᠨ᠃ ᠤᠯᠠᠮ ᠢᠶᠠᠷ ᠲᠡᠳᠡᠨ ᠦ ᠪᠠᠷᠢᠯᠳᠤᠬᠤ ᠡᠷᠬᠡ ᠶᠢ ᠬᠣᠶᠠᠷ ᠵᠢᠯ ᠢᠶᠡᠷ ᠬᠠᠰᠤᠭᠰᠠᠨ ᠶᠤᠮ᠃
ᠡᠨᠡᠬᠦ ᠬᠣᠶᠠᠷ ᠵᠢᠯ ᠦᠨ ᠬᠤᠭᠤᠴᠠᠭ᠎ᠠ ᠨᠢ ᠳᠠᠭᠤᠰᠴᠤ ᠪᠠᠶᠢᠭ᠎ᠠ ᠤᠴᠢᠷ ᠠᠴᠠ ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭᠠᠨ ᠤ ᠲᠡᠷᠢᠭᠦᠯᠡᠭᠴᠢᠳ ᠦᠨ ᠬᠤᠷᠠᠯᠳᠤᠵᠤ ᠤᠯᠤᠰ ᠤᠨ ᠭᠠᠷᠤᠳᠢ ᠥ᠊∙ᠪᠠᠲᠤ ᠤᠷᠤᠰᠢᠬᠤ ᠂ ᠤᠯᠤᠰ ᠤᠨ ᠨᠠᠴᠢᠨ ᠡ᠊∙ᠳᠠᠰᠢ᠂ ᠠᠶᠢᠮᠠᠭ ᠤᠨ ᠬᠤᠷᠴᠠ ᠠᠷᠰᠯᠠᠨ ᠪ ∙ ᠨᠣᠮᠢᠨᠳᠠᠯᠠᠢ᠂ ᠰᠤᠮᠤ ᠶᠢᠨ ᠵᠠᠭᠠᠨ ᠰ∙ᠮᠠᠶᠢᠨᠪᠠᠶᠠᠷ ᠨᠠᠷ ᠠᠴᠠ ᠪᠠᠷᠢᠯᠳᠤᠬᠤ ᠡᠷᠬᠡ ᠶᠢ ᠰᠡᠷᠭᠦᠭᠡᠵᠡᠢ᠃ ᠲᠡᠳᠡ ᠡᠨᠡ ᠰᠠᠷ᠎ᠠ ᠶᠢᠨ 29 ᠍ ᠳᠦ ᠪᠣᠯᠬᠤ ᠶᠡᠷᠦᠩᠬᠡᠶᠢᠯᠡᠭᠴᠢ ᠶᠢᠨ ᠨᠡᠷᠡᠮᠵᠢᠲᠦ ᠴᠣᠮᠣ ᠶᠢᠨ ᠲᠥᠯᠦᠭᠡᠬᠢ ᠪᠠᠷᠢᠯᠳᠤᠭᠠᠨ ᠠᠴᠠ ᠡᠬᠢᠯᠡᠨ ᠪᠠᠷᠢᠯᠳᠤᠵᠤ ᠡᠬᠢᠯᠡᠬᠦ ᠶᠤᠮ ᠪᠠᠶᠢᠨ᠎ᠠ᠃ ᠬᠠᠷᠢᠨ ᠤᠯᠤᠰ ᠤᠨ ᠵᠠᠭᠠᠨ ᠪ∙ᠫᠦᠷᠪᠦᠰᠠᠶᠢᠬᠠᠨ ᠤ ᠪᠠᠷᠢᠯᠳᠤᠬᠤ ᠡᠷᠬᠡ ᠢᠷᠡᠬᠦ ᠬᠣᠶᠠᠳᠤᠭᠠᠷ ᠰᠠᠷ᠎ᠠ ᠶᠢᠨ 1 ᠍ ᠳᠦ ᠰᠡᠷᠭᠦᠨ᠎ᠡ ᠭᠡᠳᠡᠭ ᠢ ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭᠠᠨ ᠠᠴᠠ ᠮᠡᠳᠡᠭᠡᠯᠡᠯ᠎ᠡ᠃ ᠤᠴᠢᠷ ᠨᠢ᠂ ᠲᠡᠷᠡ ᠪᠡᠷ A᠊ ᠰᠣᠷᠢᠴᠠ ᠶᠢᠨ ᠰᠢᠨᠵᠢᠯᠡᠭᠡᠨ ᠦ ᠬᠠᠷᠢᠭᠤ ᠶᠢ ᠬᠦᠯᠢᠶᠡᠨ ᠵᠦᠪᠰᠢᠶᠡᠷᠡᠭᠡ ᠦᠭᠡᠢ ᠤᠴᠢᠷ ᠠᠴᠠ ᠡᠶᠢᠨᠬᠦᠦ ᠪᠤᠰᠤᠳ ᠪᠥᠬᠡᠴᠦᠳ ᠡᠴᠡ ᠪᠡᠨ ᠰᠡᠭᠦᠯ ᠳᠦ ᠪᠠᠷᠢᠯᠳᠤᠬᠤ ᠡᠷᠬᠡ ᠨᠢ ᠰᠡᠷᠭᠦᠵᠦ ᠪᠠᠶᠢᠭ᠎ᠠ ᠶᠤᠮ ᠃