ᠠᠲᠠᠷ ᠤᠨ ᠳᠦᠷᠪᠡᠳᠡᠬᠢ ᠠᠶᠠᠨ ᠢ ᠡᠬᠢᠯᠡᠭᠦᠯᠦᠨ᠎ᠡ  | News.MN

ᠠᠲᠠᠷ ᠤᠨ ᠳᠦᠷᠪᠡᠳᠡᠬᠢ ᠠᠶᠠᠨ ᠢ ᠡᠬᠢᠯᠡᠭᠦᠯᠦᠨ᠎ᠡ 

ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ︽ᠠᠲᠠᠷ-4 ᠲᠠᠷᠢᠶᠠᠯᠠᠩ ᠤᠨ ᠲᠣᠭᠲᠠᠪᠤᠷᠢᠲᠠᠢ ᠬᠥᠭᠵᠢᠯ ᠦᠨ ᠠᠶᠠᠨ︾ ᠍ ᠢ 2020 ᠣᠨ ᠤ ᠨᠢᠭᠡᠳᠦᠭᠡᠷ ᠰᠠᠷ᠎ᠠ ᠶᠢᠨ 1 ᠍ ᠦ ᠡᠳᠦᠷ ᠡᠴᠡ ᠣᠷᠣᠨ ᠳᠠᠶᠠᠭᠠᠷ ᠡᠬᠢᠯᠡᠭᠦᠯᠬᠦ ᠶᠢ ᠵᠠᠷᠯᠠᠯ᠎ᠠ᠃ ᠠᠶᠠᠨ ᠤ ᠬᠦᠷᠢᠶᠡᠨ ᠳᠦ ᠬᠥᠷᠦᠰᠦᠨ ᠦ ᠡᠯᠡᠭᠳᠡᠯ᠂ ᠡᠪᠳᠡᠷᠡᠯ᠂ ᠦᠷᠡᠵᠢᠯ ᠰᠢᠮ᠎ᠡ ᠶᠢᠨ ᠳᠣᠷᠣᠶᠢᠲᠠᠯ ᠢ ᠰᠠᠭᠠᠷᠠᠭᠤᠯᠬᠤ᠂ ᠨᠥᠬᠥᠨ ᠰᠡᠷᠭᠦᠭᠡᠬᠦ᠂ ᠠᠭᠤᠷ ᠠᠮᠢᠰᠬᠤᠯ ᠤᠨ ᠦᠭᠡᠷᠡᠴᠢᠯᠡᠯᠲᠡ ᠳᠦ ᠳᠠᠰᠤᠨ ᠵᠣᠬᠢᠴᠠᠭᠰᠠᠨ ᠭᠠᠵᠠᠷ ᠲᠠᠷᠢᠶᠠᠯᠠᠩ ᠬᠥᠭᠵᠢᠭᠦᠯᠬᠦ᠂ ᠡᠷᠡᠰᠳᠡᠯ ᠳᠠᠭᠠᠭᠠᠬᠤ ᠴᠢᠳᠠᠮᠵᠢ ᠶᠢ ᠳᠡᠭᠡᠭᠰᠢᠯᠡᠭᠦᠯᠬᠦ᠂ ᠬᠦᠨᠡᠰᠦᠨ ᠦ ᠬᠡᠷᠡᠭᠴᠡᠭᠡ᠂ ᠲᠡᠭᠦᠨ ᠦ ᠠᠶᠤᠯᠭᠦᠢ ᠪᠠᠶᠢᠳᠠᠯ ᠢ ᠪᠦᠷᠢᠨ ᠰᠢᠢᠳᠪᠦᠷᠢᠯᠡᠬᠦ ᠶᠤᠮ᠃
ᠥᠩᠭᠡᠷᠡᠭᠰᠡᠨ ᠬᠤᠭᠤᠴᠠᠭᠠᠨ ᠳᠤ ᠮᠠᠨ ᠤ ᠤᠯᠤᠰ ᠠᠲᠠᠷ ᠭᠠᠵᠠᠷ ᠢ ᠡᠵᠡᠮᠰᠢᠵᠦ᠂ ᠭᠠᠵᠠᠷ ᠲᠠᠷᠢᠶᠠᠯᠠᠩ ᠢ ᠬᠥᠭᠵᠢᠭᠦᠯᠬᠦ ᠵᠠᠮ ᠢᠶᠠᠷ ᠬᠦᠮᠦᠨ ᠠᠮᠠ ᠶᠢᠨ ᠬᠦᠨᠡᠰᠦᠨ ᠦ ᠬᠠᠩᠭᠠᠮᠵᠢ ᠶᠢ ᠰᠠᠶᠢᠵᠢᠷᠠᠭᠤᠯᠬᠤ᠂ ᠮᠠᠯ ᠠᠵᠤ ᠠᠬᠤᠢ ᠶᠢᠨ ᠲᠣᠭᠲᠠᠪᠤᠷᠢᠲᠠᠢ ᠥᠰᠦᠯᠲᠡ ᠶᠢ ᠬᠠᠩᠭᠠᠬᠤ ᠪᠠᠷ ᠠᠲᠠᠷ ᠤᠨ ᠭᠤᠷᠪᠠᠨ ᠤᠳᠠᠭ᠎ᠠ ᠶᠢᠨ ᠠᠶᠠᠨ ᠥᠷᠨᠢᠭᠦᠯᠵᠡᠢ᠃

ᠰᠡᠳᠬᠢᠭᠳᠡᠯ ᠦᠯᠡᠳᠡᠭᠡᠬᠦ