ᠰᠣᠩᠭᠣᠭᠤᠯᠢ  ᠶᠢ ᠵᠢᠷᠭᠤᠳᠤᠭᠠᠷ ᠰᠠᠷ᠎ᠠ ᠶᠢᠨ 24 ᠍ ᠳᠦ ᠶᠠᠪᠤᠭᠤᠯᠤᠨ᠎ᠠ  | News.MN

ᠰᠣᠩᠭᠣᠭᠤᠯᠢ  ᠶᠢ ᠵᠢᠷᠭᠤᠳᠤᠭᠠᠷ ᠰᠠᠷ᠎ᠠ ᠶᠢᠨ 24 ᠍ ᠳᠦ ᠶᠠᠪᠤᠭᠤᠯᠤᠨ᠎ᠠ 

2020 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢᠨ ᠰᠠᠨᠠᠯ ᠬᠤᠷᠢᠶᠠᠯᠲᠠ ᠶᠢ ᠵᠢᠷᠭᠤᠳᠤᠭᠠᠷ ᠰᠠᠷ᠎ᠠ ᠶᠢᠨ 24 ᠍ ᠳᠦ ᠵᠣᠬᠢᠶᠠᠨ ᠪᠠᠶᠢᠭᠤᠯᠬᠤ  ᠬᠦᠰᠡᠯᠲᠡ ᠪᠡᠨ ᠰᠣᠩᠭᠣᠭᠤᠯᠢ ᠶᠢᠨ ᠶᠡᠷᠦᠩᠬᠡᠢ ᠬᠣᠷᠢᠶ᠎ᠠ ᠤᠯᠤᠰ ᠤᠨ ᠶᠡᠬᠡ ᠬᠤᠷᠠᠯ ᠳᠦ ᠬᠦᠷᠭᠡᠭᠦᠯᠵᠡᠢ᠃ ︽ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢᠨ ᠲᠤᠬᠠᠢ︾ ᠬᠠᠤᠯᠢ ᠳᠤ ᠰᠠᠨᠠᠯ ᠠᠪᠬᠤ ᠡᠳᠦᠷ ᠢ ᠵᠢᠷᠭᠤᠳᠤᠭᠠᠷ ᠰᠠᠷ᠎ᠠ ᠶᠢᠨ ᠰᠡᠭᠦᠯ ᠦᠨ ᠳᠣᠯᠣᠭ᠎ᠠ ᠬᠣᠨᠣᠭ ᠤᠨ ᠨᠢᠮ᠎ᠠ ᠭᠠᠷᠠᠭ ᠲᠤ ᠵᠣᠬᠢᠶᠠᠨ ᠪᠠᠶᠢᠭᠤᠯᠤᠨ᠎ᠠ ᠭᠡᠵᠦ ᠵᠢᠭᠠᠭᠰᠠᠨ ᠪᠠᠶᠢᠳᠠᠭ ᠶᠤᠮ᠃ ᠳᠡᠭᠡᠷᠡᠬᠢ ᠰᠠᠨᠠᠯ ᠢ ᠬᠦᠯᠢᠶᠡᠨ ᠠᠪᠴᠤ᠂ ᠪᠠᠲᠤᠯᠠᠭᠰᠠᠨ ᠨᠥᠬᠥᠴᠡᠯ ᠳᠦ ᠤᠯᠤᠰ ᠤᠨ ᠶᠡᠬᠡ ᠬᠤᠷᠠᠯ ᠤᠨ ᠰᠣᠩᠭᠣᠭᠤᠯᠢ ᠵᠢᠷᠭᠤᠳᠤᠭᠠᠷ ᠰᠠᠷ᠎ᠠ ᠶᠢᠨ 24 ᠍ ᠳᠦ ᠪᠣᠯᠤᠨ᠎ᠠ᠃ ᠭᠡᠬᠦ ᠳᠦ ᠪᠡᠨ ᠰᠠᠨᠠᠯ ᠠᠪᠬᠤ ᠡᠨᠡ ᠡᠳᠦᠷ ᠨᠢ ᠠᠵᠢᠯ ᠤᠨ ᠡᠳᠦᠷ ᠲᠠᠭᠠᠷᠠᠵᠤ ᠪᠠᠶᠢᠭ᠎ᠠ ᠲᠤᠯᠠ ᠪᠦᠬᠦ ᠨᠡᠶᠢᠲᠡ ᠶᠢᠨ ᠠᠮᠠᠷᠠᠯᠲᠠ ᠶᠢᠨ ᠡᠳᠦᠷ ᠪᠣᠯᠭᠠᠨ᠂ ᠰᠣᠩᠭᠣᠭᠴᠢᠳ ᠢ ᠰᠠᠨᠠᠯ ᠢᠶᠠᠨ ᠥᠭᠬᠦ ᠪᠣᠯᠤᠮᠵᠢ ᠪᠠᠷ ᠬᠠᠩᠭᠠᠬᠤ ᠱᠠᠭᠠᠷᠳᠠᠯᠭ᠎ᠠ ᠡᠭᠦᠰᠦᠨ᠎ᠡ᠃
ᠤᠯᠤᠰ ᠤᠨ ᠶᠡᠬᠡ ᠬᠤᠷᠠᠯ ᠤᠨ ᠨᠠᠮᠤᠷ ᠤᠨ ᠴᠢᠭᠤᠯᠭᠠᠨ ᠢᠶᠠᠨ ᠥᠨᠳᠦᠷᠯᠡᠭᠦᠯᠬᠦ ᠡᠴᠡ ᠤᠷᠢᠲᠠᠵᠤ ᠂ ᠰᠣᠩᠭᠣᠭᠤᠯᠢ ᠶᠢᠨ ᠲᠣᠭᠣᠷᠢᠭ᠂ ᠮᠠᠨᠳᠠᠲ ᠤᠨ ᠬᠤᠪᠢᠶᠠᠷᠢᠯᠠᠯᠲᠠ ᠶᠢ ᠰᠢᠨᠡᠴᠢᠯᠡᠨ ᠪᠠᠲᠤᠯᠠᠬᠤ ᠱᠠᠭᠠᠷᠳᠠᠯᠭ᠎ᠠ ᠡᠭᠦᠰᠦᠭᠡᠳ ᠪᠠᠶᠢᠭ᠎ᠠ᠃ ᠬᠠᠤᠯᠢ ᠳᠤ ᠵᠢᠭᠠᠭᠰᠠᠨ ᠢᠶᠠᠷ ᠡᠯ᠎ᠡ ᠠᠰᠠᠭᠤᠳᠠᠯ ᠢ ᠬᠣᠶᠠᠳᠤᠭᠠᠷ ᠰᠠᠷ᠎ᠠ ᠶᠢᠨ 1 ᠍ ᠡᠴᠡ ᠡᠮᠦᠨ᠎ᠡ ᠪᠠᠲᠤᠯᠠᠬᠤ ᠶᠣᠰᠣᠲᠠᠢ᠃

ᠰᠡᠳᠬᠢᠭᠳᠡᠯ ᠦᠯᠡᠳᠡᠭᠡᠬᠦ