ᠡᠺᠤᠯᠤᠭᠢ ᠶᠢᠨ ᠴᠠᠭᠳᠠᠭ᠎ᠠ ᠲᠠᠢ ᠪᠤᠯᠤᠨ᠎ᠠ  | News.MN

ᠡᠺᠤᠯᠤᠭᠢ ᠶᠢᠨ ᠴᠠᠭᠳᠠᠭ᠎ᠠ ᠲᠠᠢ ᠪᠤᠯᠤᠨ᠎ᠠ 

ᠵᠠᠰᠠᠭ ᠤᠨ ᠭᠠᠵᠠᠷ ᠤᠨ ᠡᠭᠡᠯᠵᠢᠲᠦ ᠪᠤᠰᠤ ᠬᠤᠷᠠᠯᠳᠤᠭᠠᠨ ᠪᠤᠯᠵᠤ᠂ ᠭᠣᠣᠯᠯᠠᠬᠤ 10 ᠭᠠᠷᠤᠢ ᠠᠶᠢᠮᠠᠭ ᠤᠨ 100 ᠭᠠᠷᠤᠢ ᠰᠤᠮᠤᠨ ᠳᠤ ᠡᠬᠢᠨ ᠦ ᠡᠭᠡᠯᠵᠢᠨ ᠳᠦ ᠡᠺᠤᠯᠤᠭᠢ ᠶᠢᠨ ᠴᠠᠭᠳᠠᠭ᠎ᠠ ᠶᠢᠨ ᠨᠢᠭᠡᠴᠡ ᠪᠠᠶᠢᠭᠤᠯᠬᠤ ᠪᠠᠷ ᠰᠢᠢᠳᠪᠦᠷᠢᠯᠡᠭᠰᠡᠨ ᠪᠠᠶᠢᠨ᠎ᠠ᠃ ᠡᠺᠤᠯᠤᠭᠢ ᠶᠢᠨ ᠴᠠᠭᠳᠠᠭ᠎ᠠ ᠪᠠᠶᠢᠭᠠᠯᠢ ᠣᠷᠴᠢᠨ ᠠᠭᠤᠯᠠ ᠠᠭᠤᠷᠬᠠᠢ ᠶᠢᠨ  ᠡᠺᠤᠯᠤᠭᠢ ᠶᠢᠨ  ᠠᠶᠤᠯᠭᠦᠢ ᠪᠠᠶᠢᠳᠠᠯ ᠢ ᠬᠠᠩᠭᠠᠬᠤ ᠴᠢᠭᠯᠡᠯ ᠢᠶᠡᠷ ᠠᠵᠢᠯᠯᠠᠨ᠎ᠠ᠃ ᠨᠡᠶᠢᠲᠡ 170 ᠭᠠᠷᠤᠢ ᠬᠦᠮᠦᠨ ᠦ ᠣᠷᠣᠨ ᠲᠣᠭᠠᠨ ᠤ ᠵᠠᠷᠤᠳᠠᠯ ᠢ 2020 ᠣᠨ ᠤ ᠲᠥᠰᠥᠪ ᠲᠦ ᠰᠠᠭᠤᠯᠭᠠᠭᠰᠠᠨ ᠪᠠᠶᠢᠨ᠎ᠠ᠃
ᠬᠠᠭᠤᠴᠢᠨ ᠲᠡᠮᠦᠷ ᠵᠠᠮ ᠤᠨ ᠴᠠᠭᠳᠠᠭ᠎ᠠ᠂ ᠨᠢᠰᠬᠦ ᠶᠢᠨ ᠴᠠᠭᠳᠠᠭ᠎ᠠ᠂ ᠵᠠᠮ ᠤᠨ ᠴᠠᠭᠳᠠᠭ᠎ᠠ ᠶᠢᠨ ᠭᠠᠵᠠᠷ ᠪᠠᠶᠢᠭᠰᠠᠨ ᠢ ᠲᠡᠭᠡᠭᠡᠪᠦᠷᠢ ᠶᠢᠨ ᠴᠠᠭᠳᠠᠭ᠎ᠠ ᠶᠢᠨ ᠭᠠᠵᠠᠷ ᠭᠡᠵᠦ ᠨᠢᠭᠡ ᠪᠦᠲᠦᠴᠡ ᠲᠡᠢ ᠪᠣᠯᠭᠠᠬᠤ ᠪᠠᠷ ᠮᠥᠨ ᠰᠢᠢᠳᠪᠦᠷᠢᠯᠡᠵᠡᠢ᠃ ᠲᠡᠭᠦᠨᠴᠢᠯᠡᠨ ᠴᠠᠭᠳᠠᠭ᠎ᠠ ᠶᠢᠨ ᠠᠯᠪᠠᠨ ᠤ ᠮᠡᠳᠡᠭᠡᠯᠡᠯ ᠢ ᠨᠢᠭᠡᠳᠬᠡᠳᠡᠭ ᠬᠡᠳᠦ ᠬᠡᠳᠦᠨ ᠭᠠᠵᠠᠷ ᠪᠠᠶᠢᠭᠰᠠᠨ ᠢ ᠨᠡᠶᠢᠯᠡᠭᠦᠯᠵᠤ ᠮᠡᠳᠡᠭᠡᠯᠡᠯ᠂ ᠰᠤᠳᠤᠯᠭᠠᠨ ᠤ ᠨᠢᠭᠡ ᠠᠯᠪᠠ ᠪᠣᠯᠭᠠᠬᠤ ᠪᠠᠷ ᠪᠣᠯᠵᠠᠢ᠃ ᠡᠨᠡ ᠲᠤᠬᠠᠢ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ  ᠴ∙ ᠨᠢᠮᠠᠳᠣᠷᠵᠢ ᠄ ᠮᠠᠨ ᠤ ᠴᠠᠭᠳᠠᠭ᠎ᠠ ᠶᠢᠨ ᠪᠠᠶᠢᠭᠤᠯᠤᠯᠭ᠎ᠠ ᠣᠯᠠᠨ ᠨᠡᠶᠢᠲᠡ ᠶᠢᠨ ᠠᠶᠤᠯᠭᠦᠢ ᠪᠠᠶᠢᠳᠠᠯ ᠢ ᠬᠠᠩᠭᠠᠬᠤ ᠴᠢᠭᠯᠡᠯ ᠢᠶᠡᠷ ᠭᠡᠮᠲᠦ ᠬᠡᠷᠡᠭ ᠲᠡᠢ ᠲᠡᠮᠡᠴᠡᠳᠡᠭ᠃ ᠰᠡᠭᠦᠯ ᠦᠨ 2-3 ᠵᠢᠯ ᠦᠨ ᠪᠠᠶᠢᠳᠠᠯ ᠢᠶᠠᠷ ᠭᠡᠮᠲᠦ ᠬᠡᠷᠡᠭ ᠦᠨ ᠭᠠᠷᠤᠯᠲᠠ 10  ᠬᠤᠪᠢ ᠶᠢᠨ ᠪᠠᠭᠤᠷᠠᠯᠲᠠ ᠲᠠᠢ ᠪᠠᠶᠢᠭ᠎ᠠ ᠭᠡᠰᠡᠨ ᠶᠤᠮ᠃

ᠰᠡᠳᠬᠢᠭᠳᠡᠯ ᠦᠯᠡᠳᠡᠭᠡᠬᠦ