ᠭᠠᠳᠠᠭᠠᠳᠤ ᠸᠠᠯᠢᠶᠤᠲ ᠤᠨ ᠨᠥᠭᠡᠴᠡ ᠲᠡᠦᠬᠡᠨ ᠬᠡᠮᠵᠢᠶᠡᠨ ᠳᠦ ᠬᠦᠷᠪᠡ  | News.MN

ᠭᠠᠳᠠᠭᠠᠳᠤ ᠸᠠᠯᠢᠶᠤᠲ ᠤᠨ ᠨᠥᠭᠡᠴᠡ ᠲᠡᠦᠬᠡᠨ ᠬᠡᠮᠵᠢᠶᠡᠨ ᠳᠦ ᠬᠦᠷᠪᠡ 

ᠮᠣᠩᠭᠣᠯ ᠤᠯᠤᠰ ᠤᠨ ᠭᠠᠳᠠᠭᠠᠳᠤ ᠬᠤᠳᠠᠯᠳᠤᠭᠠᠨ ᠤ ᠠᠰᠢᠭ 2019 ᠣᠨ ᠤ ᠡᠬᠢᠨ ᠦ 11 ᠰᠠᠷ᠎ᠠ ᠳᠤ 1.5 ᠲᠡᠷᠪᠤᠮ ᠳ᠋ᠣᠯᠯᠠᠷ ᠲᠤ ᠬᠦᠷᠴᠦ ᠥᠰᠴᠠᠢ᠃ ᠡᠶᠢᠨ ᠬᠦ ᠭᠠᠳᠠᠭᠠᠳᠤ ᠬᠤᠳᠠᠯᠳᠤᠭᠠᠨ ᠤ ᠠᠰᠢᠭ ᠨᠡᠮᠡᠭᠳᠡᠭᠰᠡᠨ ᠨᠢ ᠭᠠᠳᠠᠭᠠᠳᠤ ᠸᠠᠯᠢᠶᠤᠲ ᠤᠨ ᠠᠯᠪᠠᠨ ᠨᠥᠭᠡᠴᠡ ᠬᠤᠷᠠᠮᠲᠤᠯᠠᠭᠳᠠᠬᠤ ᠳᠤ ᠡᠶᠡᠷᠭᠦ ᠪᠡᠷ ᠨᠥᠯᠦᠭᠡᠯᠡᠵᠦ᠂ 2019 ᠣᠨ ᠤ 11 ᠳ᠋ᠤᠭᠡᠷ ᠰᠠᠷ᠎ᠠ ᠶᠢᠨ ᠪᠠᠶᠢᠳᠠᠯ ᠢᠶᠠᠷ ᠭᠠᠳᠠᠭᠠᠳᠤ ᠸᠠᠯᠢᠶᠤᠲ ᠤᠨ ᠠᠯᠪᠠᠨ ᠨᠥᠭᠡᠴᠡ 4 ᠲᠡᠷᠪᠤᠮ ᠳ᠋ᠣᠯᠯᠠᠷ ᠲᠤ ᠬᠦᠷᠦᠭᠰᠡᠨ ᠪᠠᠶᠢᠨ᠎ᠠ᠃ ︽ᠥᠷᠭᠡᠳᠬᠡᠭᠰᠡᠨ ᠰᠠᠩᠬᠦᠵᠢᠯᠲᠡ ᠶᠢᠨ ᠬᠥᠲᠥᠯᠪᠦᠷᠢ︾ ᠶᠢᠨ ᠬᠦᠷᠢᠶᠡᠨ ᠳᠦ ᠳ᠋ᠣᠨᠤᠷ ᠪᠠᠶᠢᠭᠤᠯᠤᠯᠭ᠎ᠠ ᠨᠤᠭᠤᠳ ᠠᠴᠠ ᠮᠣᠩᠭᠣᠯ ᠤᠯᠤᠰ ᠤᠨ ᠵᠠᠰᠠᠭ ᠤᠨ ᠭᠠᠵᠠᠷ ᠲᠤ ᠨᠡᠶᠢᠲᠡ 200 ᠰᠠᠶ᠎ᠠ ᠳ᠋ᠣᠯᠯᠠᠷ ᠤᠨ ᠰᠠᠩᠬᠦᠦᠵᠢᠯᠲᠡ ᠣᠯᠭᠤᠭᠰᠠᠨ ᠢᠶᠠᠷ ᠡᠨᠡ ᠬᠦ ᠲᠡᠦᠬᠡᠨ ᠳᠡᠭᠡᠳᠦ ᠬᠡᠮᠵᠢᠶᠡᠨ ᠳᠦ ᠬᠦᠷᠴᠡᠢ᠃

ᠲᠤᠬᠠᠶᠢᠯᠠᠪᠠᠯ᠂ 2019 ᠣᠨ ᠤ 12 ᠳ᠋ᠤᠭᠠᠷ ᠰᠠᠷ᠎ᠠ ᠳᠤ ᠠᠽᠢᠶ᠎ᠠ ᠶᠢᠨ ᠬᠥᠭᠵᠢᠯ ᠦᠨ ᠪᠠᠩᠬᠢ 100 ᠰᠠᠶ᠎ᠠ ᠳ᠋ᠣᠯᠯᠠᠷ᠂ 2020 ᠣᠨ ᠤ 1ᠳ᠋ᠤᠭᠡᠷ ᠰᠠᠷ᠎ᠠ ᠶᠢᠨ 3᠂ 6 ᠍ ᠤ ᠡᠳᠦᠷ ᠦᠳ ᠲᠦ ᠳᠡᠯᠡᠬᠡᠢ ᠶᠢᠨ ᠪᠠᠩᠬᠢᠨ ᠠᠴᠠ 100 ᠰᠠᠶ᠎ᠠ ᠳ᠋ᠣᠯᠯᠠᠷ ᠣᠷᠣᠵᠤ ᠢᠷᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ