2020 ᠣᠨ ᠳᠤ ᠳᠡᠯᠡᠬᠡᠢ ᠶᠢᠨ ᠡᠳ᠋ ᠍ ᠦᠨ ᠵᠠᠰᠠᠭ ᠪᠠᠭ᠎ᠠ ᠵᠡᠷᠭᠡ ᠰᠡᠷᠭᠦᠨ᠎ᠡ  | News.MN

2020 ᠣᠨ ᠳᠤ ᠳᠡᠯᠡᠬᠡᠢ ᠶᠢᠨ ᠡᠳ᠋ ᠍ ᠦᠨ ᠵᠠᠰᠠᠭ ᠪᠠᠭ᠎ᠠ ᠵᠡᠷᠭᠡ ᠰᠡᠷᠭᠦᠨ᠎ᠡ 

ᠳᠡᠯᠡᠬᠡᠢ ᠶᠢᠨ ᠪᠠᠩᠬᠢ ︽ᠳᠡᠯᠡᠬᠡᠢ ᠶᠢᠨ ᠡᠳ᠋ ᠍ ᠦᠨ ᠵᠠᠰᠠᠭ ᠤᠨ ᠲᠥᠰᠥᠭᠡᠯᠡᠯ ︾ ᠦᠨ ᠲᠤᠬᠠᠢ ᠬᠠᠮᠤᠭ ᠤᠨ ᠰᠡᠭᠦᠯ ᠦᠨ ᠦᠶ᠎ᠡ ᠶᠢᠨ ᠲᠠᠶᠢᠯᠤᠨ ᠢ ᠥᠴᠥᠭᠡᠳᠦᠷ ᠨᠡᠶᠢᠲᠡᠯᠡᠵᠡᠢ᠃ ᠤᠭ ᠲᠠᠶᠢᠯᠤᠨ ᠳᠤ 2020 ᠣᠨ ᠳᠤ ᠳᠡᠯᠡᠬᠡᠢ ᠶᠢᠨ ᠡᠳ᠋ ᠍ ᠦᠨ ᠵᠠᠰᠠᠭ ᠤᠨ ᠦᠰᠦᠯᠲᠡ ᠶᠢᠨ ᠬᠤᠷᠳᠤ ᠪᠠᠭ᠎ᠠ ᠵᠡᠷᠭᠡ ᠰᠡᠷᠭᠦᠨ᠎ᠡ᠃ ᠭᠡᠪᠡᠴᠦ ᠡᠳ᠋ ᠍ ᠦᠨ ᠵᠠᠰᠠᠭ ᠤᠨ ᠰᠡᠷᠭᠦᠯᠲᠡ ᠨᠡᠯᠢᠶᠡᠳ ᠡᠮᠵᠡᠭ᠂ ᠬᠤᠳᠠᠯᠳᠤᠭ᠎ᠠ᠂ ᠥᠷᠢ ᠵᠢᠭᠡᠯᠡ᠂ ᠭᠸᠦᠫᠦᠯᠢᠲᠸᠺ ᠵᠡᠷᠭᠡ ᠬᠦᠴᠦᠨ ᠵᠦᠢᠯ ᠳᠡᠯᠡᠬᠡᠢ ᠶᠢᠨ ᠡᠳ᠋ ᠍ ᠦᠨ ᠵᠠᠰᠠᠭ ᠤᠨ ᠦᠰᠦᠯᠳᠠ ᠳᠤ ᠡᠷᠡᠰᠳᠡᠯ ᠳᠠᠭᠠᠭᠤᠯᠤᠨ᠎ᠠ ᠬᠡᠮᠡᠨ ᠳᠤᠷᠠᠳᠤᠭᠰᠠᠨ ᠪᠠᠶᠢᠨ᠎ᠠ᠃
2019 ᠣᠨ ᠳᠤ ᠳᠡᠯᠡᠬᠡᠢ ᠶᠢᠨ ᠡᠳ᠋ ᠍ ᠦᠨ ᠵᠠᠰᠠᠭ ᠤᠨ ᠥᠰᠦᠯᠲᠡ ᠶᠢᠨ ᠬᠤᠷᠳᠤ 2.4 ᠬᠤᠪᠢ ᠪᠠᠶᠢᠭᠰᠠᠨ ᠪᠣᠯ 2020 ᠣᠨ ᠳᠤ 2.5 ᠬᠤᠪᠢ ᠳᠤ ᠬᠦᠷᠴᠦ᠂ 2019 ᠣᠨ ᠤ ᠵᠢᠷᠭᠤᠳᠤᠭᠠᠷ ᠰᠠᠷ᠎ᠠ ᠶᠢᠨ ᠳᠡᠯᠡᠬᠡᠢ ᠶᠢᠨ ᠪᠠᠩᠬᠢᠨ ᠤ ᠲᠥᠰᠥᠭᠡᠯᠡᠯ ᠡᠴᠡ ᠠᠯᠢ ᠠᠯᠢ ᠨᠢ 0.2 ᠨᠢᠭᠡᠴᠡ ᠪᠡᠷ ᠪᠠᠭᠤᠷᠠᠭᠰᠠᠨ ᠭᠡᠳᠡᠭ ᠢ  ᠲᠠᠶᠢᠯᠤᠨ ᠳᠤ ᠣᠨᠴᠠᠯᠠᠵᠠᠢ᠃ ᠳᠡᠯᠡᠬᠡᠢ ᠶᠢᠨ ᠪᠠᠩᠬᠢ ︽ᠬᠡᠷᠪᠡ ᠬᠤᠳᠠᠯᠳᠤᠭᠠᠨ ᠤ ᠬᠤᠷᠴᠠᠳᠤᠮᠠᠯ ᠪᠠᠶᠢᠳᠠᠯ ᠢ ᠨᠠᠮᠵᠢᠭᠠᠬᠤ ᠰᠡᠭᠦᠯ ᠦᠨ ᠦᠶ᠎ᠡ ᠶᠢᠨ ᠪᠣᠳᠣᠯᠭ᠎ᠠ᠂ ᠦᠢᠯᠡ ᠠᠵᠢᠯᠯᠠᠭ᠎ᠠ ᠪᠠᠷ ᠳᠠᠮᠵᠢᠨ ᠲᠣᠳᠣᠷᠬᠠᠢ ᠦᠭᠡᠢ ᠬᠦᠴᠦᠨ ᠵᠦᠢᠯ ᠢ ᠦᠷᠭᠦᠯᠵᠢᠯᠡᠨ ᠪᠠᠭᠤᠷᠠᠭᠤᠯᠪᠠᠯ᠂ ᠲᠥᠰᠦᠭᠡᠯᠡᠵᠦ ᠪᠤᠢ ᠡᠳ᠋ ᠍ ᠦᠨ ᠵᠠᠰᠠᠭ ᠤᠨ ᠰᠡᠷᠭᠦᠯᠲᠡ ᠤᠯᠠᠮ ᠬᠦᠴᠦᠷᠬᠡᠭ ᠪᠣᠯᠤᠨ᠎ᠠ︾ ᠭᠡᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ