ᠡᠨᠡ ᠡᠪᠦᠯ 10.2 ᠰᠠᠶ᠎ᠠ ᠲᠣᠯᠣᠭᠠᠢ ᠮᠠᠯ ᠣᠲᠣᠷᠯᠠᠵᠤ ᠪᠠᠶᠢᠨ᠎ᠠ  | News.MN

ᠡᠨᠡ ᠡᠪᠦᠯ 10.2 ᠰᠠᠶ᠎ᠠ ᠲᠣᠯᠣᠭᠠᠢ ᠮᠠᠯ ᠣᠲᠣᠷᠯᠠᠵᠤ ᠪᠠᠶᠢᠨ᠎ᠠ 

ᠡᠨᠡ ᠵᠢᠯ ᠤᠯᠤᠰ ᠤᠨ ᠬᠡᠮᠵᠢᠶᠡᠨ ᠳᠦ 10.2 ᠰᠠᠶ᠎ᠠ ᠲᠣᠯᠣᠭᠠᠢ ᠮᠠᠯ ᠣᠲᠣᠷᠯᠠᠵᠤ ᠪᠠᠶᠢᠨ᠎ᠠ᠃ ᠡᠮᠦᠨᠡᠬᠢ ᠵᠢᠯ ᠦᠨ ᠬᠢ ᠲᠡᠢ ᠬᠠᠷᠢᠴᠠᠭᠤᠯᠬᠤ ᠳᠤ᠂ ᠡᠨᠡ ᠨᠢ 2 ᠳᠠᠬᠢᠨ ᠥᠰᠦᠭᠰᠡᠨ ᠲᠤᠬᠠᠢ  ᠬᠦᠳᠡᠭᠡ ᠠᠵᠤ  ᠠᠬᠤᠢ  ᠶᠢᠨ  ᠶᠠᠮᠤᠨ ᠠᠴᠠ ᠮᠡᠳᠡᠭᠡᠯᠡᠵᠦ ᠪᠠᠶᠢᠨ᠎ᠠ᠃ ᠨᠡᠶᠢᠲᠡ ᠨᠤᠲᠤᠭ ᠢᠶᠠᠷ ᠴᠠᠭ ᠠᠭᠠᠷ ᠬᠠᠷᠢᠴᠠᠩᠭᠤᠢ ᠲᠣᠭᠲᠠᠭᠤᠨ ᠪᠠᠶᠢᠭ᠎ᠠ ᠲᠤᠯᠠ ᠡᠪᠦᠯᠵᠢᠯᠲᠡ ᠬᠡᠪ ᠦᠨ᠂ ᠣᠳᠣ ᠶᠢᠨ ᠪᠠᠶᠢᠳᠠᠯ ᠢᠶᠠᠷ ᠡᠪᠦᠯᠵᠢᠯᠲᠡ ᠬᠦᠨᠳᠦᠷᠡᠭᠰᠡᠨ ᠠᠶᠢᠮᠠᠭ᠂ ᠰᠤᠮᠤ ᠪᠠᠶᠢᠬᠤ ᠦᠭᠡᠢ ᠪᠠᠶᠢᠨ᠎ᠠ᠃ ᠭᠡᠬᠦ ᠳᠦ ᠪᠡᠨ ᠪᠡᠯᠴᠢᠭᠡᠷ ᠦᠨ ᠳᠠᠭᠠᠭᠠᠴᠠ ᠬᠡᠲᠦᠷᠡᠬᠦ ᠂ ᠡᠪᠡᠰᠦ ᠲᠡᠵᠢᠭᠡᠯ ᠬᠣᠮᠰᠠᠳᠠᠬᠤ ᠡᠷᠡᠰᠳᠡᠯ ᠲᠡᠢ ᠪᠠᠶᠢᠨ᠎ᠠ᠃ ᠣᠳᠣ ᠶᠢᠨ ᠪᠠᠶᠢᠳᠠᠯ ᠢᠶᠠᠷ ᠠᠷᠤᠬᠠᠩᠭᠠᠢ᠂ ᠪᠤᠯᠠᠭᠠᠨ᠂ ᠳᠤᠮᠳᠠᠭᠤᠪᠢ᠂ ᠥᠪᠦᠷᠬᠠᠩᠭᠠᠢ ᠠᠶᠢᠮᠠᠭ ᠲᠤ ᠴᠠᠰᠤ ᠶᠡᠬᠡ ᠣᠷᠣᠭᠠᠳ ᠪᠤᠢ ᠤᠴᠢᠷ ᠳᠡᠭᠡᠷᠡᠬᠢ ᠠᠶᠢᠮᠠᠭ ᠤᠳ ᠲᠤ 350 ᠰᠠᠶ᠎ᠠ ᠲᠥᠭᠥᠷᠢᠭ ᠦᠨ ᠮᠥᠩᠭᠥᠨ ᠲᠤᠰᠠᠯᠠᠮᠵᠢ ᠦᠵᠡᠭᠦᠯᠵᠡᠢ᠃
ᠴᠠᠰᠤ ᠶᠡᠬᠡ ᠣᠷᠣᠭᠰᠠᠨ ᠠᠶᠢᠮᠠᠭ ᠤᠳ ᠲᠤ ᠡᠪᠡᠰᠦ ᠲᠡᠵᠢᠭᠡᠯ ᠢ 50 ᠬᠤᠪᠢ ᠶᠢᠨ ᠬᠥᠩᠭᠡᠯᠡᠯᠲᠡ ᠲᠡᠢ ᠦᠨ᠎ᠡ ᠪᠡᠷ ᠣᠯᠭᠤᠵᠤ ᠪᠠᠶᠢᠨ᠎ᠠ᠃ ᠡᠨᠡ ᠵᠢᠯ ᠡᠪᠡᠰᠦ ᠲᠡᠵᠢᠭᠡᠯ ᠦᠨ ᠬᠠᠩᠭᠠᠮᠵᠢ ᠶᠢ  ᠭᠠᠳᠠᠭᠠᠳᠤ ᠶᠢᠨ ᠪᠠᠶᠢᠭᠤᠯᠤᠯᠭ᠎ᠠ ᠨᠤᠭᠤᠳ ᠤᠨ ᠲᠤᠰᠠᠯᠠᠮᠵᠢ ᠳᠡᠮᠵᠢᠯᠭᠡ ᠠᠪᠤᠯ ᠦᠭᠡᠢ ᠳᠣᠲᠣᠭᠠᠳᠤ ᠳᠤ ᠪᠠᠨ ᠪᠦᠷᠢᠳᠦᠭᠦᠯᠵᠦ ᠪᠡᠯᠡᠳᠦᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ