ᠨᠢᠭᠡᠳᠦᠭᠡᠷ ᠡᠩᠨᠡᠭᠡᠨ ᠳᠦ ᠵᠣᠭᠰᠣᠭᠰᠠᠨ ᠵᠢᠯᠣᠭᠣᠴᠢ ᠨᠠᠷ ᠢ ᠲᠤᠷᠭᠠᠨ᠎ᠠ  | News.MN

ᠨᠢᠭᠡᠳᠦᠭᠡᠷ ᠡᠩᠨᠡᠭᠡᠨ ᠳᠦ ᠵᠣᠭᠰᠣᠭᠰᠠᠨ ᠵᠢᠯᠣᠭᠣᠴᠢ ᠨᠠᠷ ᠢ ᠲᠤᠷᠭᠠᠨ᠎ᠠ 

ᠨᠡᠶᠢᠲᠡ ᠶᠢᠨ ᠲᠡᠭᠡᠭᠡᠪᠦᠷᠢ ᠶᠢᠨ ᠠᠦ᠋ᠲ᠋ᠣᠪᠦ᠋ᠰ ᠪᠠᠭᠤᠳᠠᠯ ᠪᠣᠯᠤᠨ ᠵᠠᠮ ᠤᠨ ᠬᠥᠳᠡᠯᠭᠡᠭᠡᠨ ᠦ ᠨᠢᠭᠡᠳᠦᠭᠡᠷ ᠡᠩᠨᠡᠭᠡᠨ ᠳᠦ ᠵᠣᠭᠰᠣᠭᠰᠠᠨ ᠰᠠᠭᠤᠳᠠᠯ ᠤᠨ ᠮᠠᠰᠢᠨ ᠤ ᠵᠢᠯᠣᠭᠣᠴᠢ ᠨᠠᠷ ᠢ ᠥᠨᠥᠳᠥᠷ ᠡᠴᠡ ᠡᠬᠢᠯᠡᠨ ᠵᠥᠷᠢᠴᠡᠯ ᠦᠨ ᠬᠠᠤᠯᠢ ᠪᠠᠷ ᠲᠤᠷᠭᠠᠵᠤ ᠪᠠᠶᠢᠬᠤ ᠪᠠᠷ ᠪᠣᠯᠤᠯ᠎ᠠ᠃ ᠳᠡᠭᠡᠷᠡᠬᠢ ᠠᠵᠢᠯ ᠢ ᠲᠡᠭᠡᠭᠡᠪᠤᠷᠢ ᠶᠢᠨ ᠴᠠᠭᠳᠠᠭ᠎ᠠ ᠶᠢᠨ ᠠᠯᠪᠠ᠂ ᠨᠡᠶᠢᠰᠯᠡᠯ ᠦᠨ ᠵᠠᠮ ᠤᠨ ᠬᠥᠳᠡᠯᠭᠡᠭᠡᠨ ᠦ ᠲᠥᠯᠥᠪᠯᠡᠯᠲᠡ᠂ ᠵᠣᠬᠢᠴᠠᠭᠤᠯᠤᠯᠲᠠ ᠢᠨᠵᠧᠨᠧᠷᠴᠢᠯᠡᠯ ᠦᠨ ᠭᠠᠵᠠᠷ᠂ ᠨᠡᠶᠢᠲᠡ ᠶᠢᠨ ᠲᠡᠭᠡᠭᠡᠪᠦᠷᠢ ᠶᠢᠨ ᠦᠢᠯᠡᠴᠢᠯᠡᠭᠡᠨ ᠦ ᠭᠠᠵᠠᠷ᠂ ᠵᠣᠷᠴᠢᠭᠴᠢ ᠲᠡᠭᠡᠭᠡᠪᠦᠷᠢ ᠶᠢᠨ ᠨᠢᠭᠡᠳᠬᠡᠯ ᠦᠳ ᠬᠠᠮᠲᠤᠷᠠᠨ ᠬᠡᠷᠡᠭᠵᠢᠭᠦᠯᠬᠦ ᠪᠡᠷ ᠪᠣᠯᠵᠤ ᠪᠠᠶᠢᠨ᠎ᠠ᠃ ᠡᠨᠡ ᠦᠢᠯᠡ ᠠᠵᠢᠯᠯᠠᠭ᠎ᠠ ᠨᠢ ᠨᠡᠶᠢᠲᠡ ᠶᠢᠨ ᠲᠡᠭᠡᠭᠡᠪᠦᠷᠢ ᠶᠢᠨ ᠬᠡᠷᠡᠭᠰᠡᠯ ᠦᠨ ᠵᠣᠷᠴᠢᠬᠤ ᠬᠤᠷᠳᠤ ᠶᠢ ᠨᠡᠮᠡᠬᠦ᠂ ᠨᠢᠭᠡᠳᠦᠭᠡᠷ ᠡᠩᠨᠡᠭᠡ ᠪᠡᠷ ᠲᠡᠮᠳᠡᠭ ᠵᠥᠷᠢᠴᠡᠵᠦ ᠵᠣᠷᠴᠢᠳᠠᠭ᠂ ᠠᠦ᠋ᠲ᠋ᠣᠪᠦ᠋ᠰ ᠪᠠᠭᠤᠳᠠᠯ ᠤᠳ ᠳᠡᠭᠡᠷ᠎ᠡ ᠪᠠᠶᠢᠩᠭᠤ ᠵᠣᠭᠰᠣᠳᠠᠭ ᠵᠢᠯᠣᠭᠣᠴᠢ ᠨᠠᠷ ᠲᠤ ᠬᠠᠷᠢᠭᠤᠴᠠᠯᠭ᠎ᠠ ᠬᠦᠯᠢᠶᠡᠯᠭᠡᠬᠦ ᠵᠣᠷᠢᠯᠭ᠎ᠠ ᠲᠠᠢ ᠭᠡᠳᠡᠭ ᠢ ᠮᠡᠳᠡᠭᠳᠡᠵᠦ ᠪᠠᠶᠢᠨ᠎ᠠ᠃

ᠤᠯᠠᠭᠠᠨᠪᠠᠭᠠᠲᠤᠷ ᠬᠤᠲᠠ ᠳᠤ ᠣᠳᠣ ᠪᠠᠷ ᠦᠢᠯᠡᠴᠢᠯᠡᠭᠡᠨ ᠳᠦ ᠶᠠᠪᠤᠵᠤ ᠪᠠᠶᠢᠭ᠎ᠠ ᠠᠦ᠋ᠲ᠋ᠣᠪᠦ᠋ᠰ ᠤᠳ  ᠤᠨ ᠬᠥᠳᠡᠯᠭᠡᠭᠡᠨ ᠳᠦ ᠤᠷᠤᠯᠴᠠᠬᠤ ᠳᠤᠮᠳᠠᠴᠢ ᠬᠤᠷᠳᠤ 18 ᠺᠢᠯᠣᠮᠧᠲ᠋ᠷ/ᠴᠠᠭ᠂ ᠠᠴᠢᠶᠠᠯᠠᠯ ᠲᠠᠢ ᠦᠶ᠎ᠡ ᠳᠦ 5 ᠺᠢᠯᠣᠮᠧᠲ᠋ᠷ/ᠴᠠᠭ ᠪᠠᠶᠢᠭ᠎ᠠ ᠶᠤᠮ ᠃ ᠡᠭᠦᠨ ᠦ ᠭᠣᠣᠯ ᠰᠢᠯᠲᠠᠭᠠᠨ ᠨᠢᠭᠡᠳᠦᠭᠡᠷ ᠡᠩᠨᠡᠭᠡ ᠪᠡᠷ ᠵᠣᠷᠴᠢᠬᠤ ᠶᠣᠰᠣ ᠦᠭᠡᠢ ᠲᠡᠭᠡᠭᠡᠪᠦᠷᠢ ᠶᠢᠨ ᠬᠡᠷᠡᠭᠰᠡᠯ ᠦᠳ ᠨᠡᠶᠢᠲᠡ ᠶᠢᠨ ᠲᠡᠭᠡᠭᠡᠪᠦᠷᠢ ᠶᠢᠨ ᠬᠥᠳᠡᠯᠭᠡᠭᠡᠨ ᠳᠦ ᠤᠷᠤᠯᠴᠠᠬᠤ ᠳᠠᠪᠠᠭᠤ ᠲᠠᠯ᠎ᠠ ᠶᠢ ᠠᠯᠳᠠᠭᠳᠠᠭᠤᠯᠵᠤ ᠪᠠᠶᠢᠭ᠎ᠠ ᠲᠠᠢ ᠬᠣᠯᠪᠣᠭᠠᠲᠠᠢ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ