ᠳ∙ᠣᠷᠭᠢᠯ᠄ ᠲᠡᠳᠬᠦᠪᠦᠷᠢ ᠶᠢᠨ ᠵᠢᠭᠡᠯᠡ ᠶᠢᠨ ᠦᠯᠡᠳᠡᠭᠳᠡᠯ ᠪᠠᠭᠤᠷᠠᠭᠰᠠᠨ  | News.MN

ᠳ∙ᠣᠷᠭᠢᠯ᠄ ᠲᠡᠳᠬᠦᠪᠦᠷᠢ ᠶᠢᠨ ᠵᠢᠭᠡᠯᠡ ᠶᠢᠨ ᠦᠯᠡᠳᠡᠭᠳᠡᠯ ᠪᠠᠭᠤᠷᠠᠭᠰᠠᠨ 

ᠮᠣᠩᠭᠣᠯ  ᠪᠠᠩᠭᠢᠨ ‍ᠣ ᠬᠡᠪᠯᠡᠯ ᠦᠨ ᠲᠥᠯᠥᠭᠡᠯᠡᠭᠴᠢ ᠳ∙ᠣᠷᠭᠢᠯ ᠠᠴᠠ ᠲᠣᠳᠣᠷᠠᠭᠤᠯᠭ᠎ᠠ ᠠᠪᠤᠯ᠎ᠠ᠃
– ᠮᠣᠩᠭᠣᠯ ᠤᠯᠤᠰ ᠤᠨ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠰᠢᠢᠳᠪᠦᠷᠢ ᠪᠡᠷ ᠲᠡᠳᠬᠦᠪᠦᠷᠢ ᠶᠢᠨ ᠵᠢᠭᠡᠯᠡ ᠶᠢ ᠲᠢᠭᠯᠡᠬᠦ ᠪᠡᠷ ᠪᠣᠯᠤᠭᠠᠳ ᠪᠠᠶᠢᠨ᠎ᠠ᠃ ᠡᠭᠦᠨ ᠲᠡᠢ ᠬᠣᠯᠪᠣᠭᠠᠲᠠᠢ ᠪᠠᠷ ᠮᠣᠩᠭᠣᠯ  ᠪᠠᠩᠭᠢᠨ ᠠᠴᠠ ᠲᠣᠭᠠᠴᠠᠭ᠎ᠠ ᠶᠢ ᠨᠢ ᠭᠠᠷᠭᠠᠭᠰᠠᠨ ᠭᠡᠵᠦ ᠪᠠᠶᠢᠨ᠎ᠠ᠃ ᠡᠭᠦᠨ ᠳᠦ ᠲᠠᠶᠢᠯᠪᠤᠷᠢ ᠥᠭᠭᠦᠨ᠎ᠡ ᠦᠦ︖
– ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠭᠡᠰᠢᠭᠦᠳ ᠪᠤᠶᠤ ᠮᠣᠩᠭᠣᠯ ᠤᠯᠤᠰ ᠤᠨ ᠲᠥᠷᠥ ᠶᠢᠨ ᠭᠤᠷᠪᠠᠨ ᠥᠨᠳᠥᠷᠯᠢᠭ ᠦᠨ ᠰᠢᠢᠳᠪᠦᠷᠢ ᠭᠠᠷᠴᠤ᠂ ᠤᠯᠠᠮ ᠢᠶᠠᠷ ᠲᠡᠳᠬᠦᠪᠦᠷᠢ ᠶᠢᠨ ᠵᠢᠭᠡᠯᠡ ᠶᠢ ᠲᠢᠭᠯᠡᠬᠦ ᠬᠠᠤᠯᠢ ᠶᠢᠨ ᠲᠥᠰᠥᠯ ᠢ ᠪᠣᠯᠪᠠᠰᠤᠷᠠᠭᠤᠯᠤᠨ᠂ ᠵᠠᠰᠠᠭ ᠤᠨ ᠭᠠᠵᠠᠷ ᠠᠴᠠ ᠡᠷᠭᠦᠨ ᠪᠠᠷᠢᠭᠠᠳ ᠪᠠᠶᠢᠨ᠎ᠠ᠃ ᠲᠥᠪ ᠪᠠᠩᠬᠢᠨ ᠤ ᠲᠤᠬᠠᠢ ᠬᠠᠤᠯᠢ ᠳᠤ ᠵᠢᠭᠠᠭᠰᠠᠨᠴᠢᠯᠠᠨ ᠮᠣᠩᠭᠣᠯ ᠪᠠᠩᠬᠢ ᠨᠢ ᠥᠪᠡᠷ ᠦᠨ ᠦᠨᠳᠦᠰᠦᠨ ᠵᠣᠷᠢᠯᠲᠠ ᠶᠢᠨ ᠬᠦᠷᠢᠶᠡᠨ ᠳᠦ ᠰᠠᠩᠬᠦᠦ ᠶᠢᠨ ᠵᠠᠬ᠎ᠠ ᠵᠡᠭᠡᠯᠢ᠂ ᠪᠠᠩᠬᠢᠨ ᠤ ᠲᠣᠭᠲᠠᠯᠴᠠᠭᠠᠨ ᠤ ᠲᠣᠭᠲᠠᠪᠤᠷᠢᠲᠠᠢ ᠪᠠᠶᠢᠳᠠᠯ ᠢ ᠬᠠᠩᠭᠠᠬᠤ ᠵᠠᠮ ᠢᠶᠠᠷ ᠦᠨᠳᠦᠰᠦᠨ ᠦ ᠡᠳ᠋  ᠦᠨ ᠵᠠᠰᠠᠭ ᠤᠨ ᠲᠡᠩᠴᠡᠪᠦᠷᠢᠲᠡᠢ ᠬᠦᠭᠵᠢᠯ ᠳᠦ ᠳᠡᠮᠵᠢᠯᠭᠡ ᠦᠵᠡᠭᠦᠯᠬᠦ  ᠡᠭᠦᠷᠭᠡ ᠲᠡᠢ᠃ ᠮᠣᠩᠭᠣᠯ ᠪᠠᠩᠬᠢᠨ ᠳᠤ ᠪᠠᠩᠬᠢ ᠨᠤᠭᠤᠳ ᠤᠨ ᠵᠢᠭᠡᠯᠡ ᠶᠢᠨ ᠮᠡᠳᠡᠭᠡᠯᠡᠯ ᠪᠠᠶᠢᠷᠢᠰᠢᠳᠠᠭ ᠪᠥᠭᠡᠳ ᠡᠨᠡ ᠴᠢᠭ ᠡᠭᠦᠷᠭᠡ ᠶᠢᠨ ᠢᠶᠡᠨ ᠬᠦᠷᠢᠶᠡᠨ ᠳᠦ ᠬᠣᠯᠪᠣᠭᠳᠠᠬᠤ ᠰᠤᠳᠤᠯᠭ᠎ᠠ᠂ ᠲᠣᠭᠠᠴᠠᠭᠠᠯᠠᠯ ᠤᠳ ᠢ ᠬᠢᠳᠡᠭ᠃
– ᠲᠡᠳᠬᠦᠪᠦᠷᠢ ᠶᠢᠨ ᠵᠢᠭᠡᠯᠡ ᠶᠢ ᠲᠢᠭᠯᠡᠬᠦ ᠰᠢᠢᠳᠪᠦᠷᠢ ᠨᠢ ᠭᠡᠨᠡᠳᠲᠡ ᠶᠢᠨ ᠪᠠᠶᠢᠭᠰᠠᠨ ᠪᠣᠯᠪᠠᠴᠤ ᠠᠷᠪᠠᠨ ᠬᠣᠶᠠᠳᠤᠭᠠᠷ ᠰᠠᠷ᠎ᠠ ᠳᠤ ᠲᠡᠳᠬᠦᠪᠦᠷᠢ ᠶᠢᠨ ᠵᠢᠭᠡᠯᠡ ᠥᠰᠦᠭᠰᠡᠨ ᠡᠰᠡᠬᠦ ᠶᠢ ᠬᠡᠯᠡᠯᠴᠡᠵᠦ ᠪᠠᠶᠢᠨ᠎ᠠ᠃ ᠲᠡᠳᠬᠦᠪᠦᠷᠢ ᠶᠢᠨ ᠵᠢᠭᠡᠯᠡ ᠣᠯᠭᠣᠯᠲᠠ ᠣᠨ ᠤ ᠲᠡᠭᠦᠰᠬᠡᠯ ᠳᠦ ᠨᠡᠮᠡᠭᠳᠡᠭᠰᠡᠨ ᠦᠦ ︖
– ᠡᠳ᠋ ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ 《ᠢᠷᠭᠡᠳ ᠦᠨ ᠲᠡᠳᠬᠦᠪᠦᠷᠢ ᠪᠠᠷᠢᠴᠠᠭᠠᠯᠠᠭᠰᠠᠨ ᠵᠢᠭᠡᠯᠡ ᠶᠢᠨ ᠲᠥᠯᠥᠪᠦᠷᠢ ᠶᠢ ᠲᠥᠷᠥ ᠡᠴᠡ ᠨᠢᠭᠡ ᠤᠳᠠᠭ᠎ᠠ ᠤᠯᠭᠤᠬᠤ ᠲᠤᠬᠠᠢ》 ᠬᠠᠤᠯᠢ ᠶᠢᠨ ᠲᠥᠰᠥᠯ ᠢ ᠬᠡᠯᠡᠯᠴᠡᠬᠦ ᠦᠶ᠎ᠡ ᠪᠡᠷ ᠲᠡᠳᠬᠦᠪᠦᠷᠢ ᠶᠢᠨ ᠵᠢᠭᠡᠯᠡ ᠣᠭᠴᠣᠮ ᠥᠰᠦᠭᠰᠡᠨ ᠡᠰᠡᠬᠦ ᠲᠠᠯ᠎ᠠ ᠪᠠᠷ ᠶᠠᠷᠢᠭᠳᠠᠭᠰᠠᠨ ᠪᠠᠶᠢᠭ᠎ᠠ᠃ ᠭᠡᠬᠦ ᠳᠦ ᠪᠡᠨ ᠪᠢᠳᠡᠨ ᠳᠦ ᠪᠠᠶᠢᠭ᠎ᠠ ᠰᠲ᠋ᠠᠲ᠋ᠢᠰᠲ᠋ᠢᠺ ᠲᠤᠭ᠎ᠠ ᠨᠤᠭᠤᠳ ᠠᠴᠠ ᠬᠠᠷᠠᠪᠠᠯ ᠠᠷᠠᠢ ᠥᠭᠡᠷ᠎ᠡ ᠪᠠᠶᠢᠭ᠎ᠠ ᠶᠤᠮ᠃ ᠲᠤᠬᠠᠶᠢᠯᠠᠪᠠᠯ᠂ 2018 ᠣᠨ ᠤ 12 ᠳ᠋ᠤᠭᠠᠷ ᠰᠠᠷ᠎ᠠ ᠳᠤ ᠲᠡᠳᠬᠦᠪᠦᠷᠢ ᠶᠢᠨ  ᠵᠢᠭᠡᠯᠡ 925 ᠲᠡᠷᠪᠤᠮ ᠲᠥᠭᠥᠷᠢᠭ ᠲᠦ ᠬᠦᠷᠴᠦ ᠂ ᠡᠮᠦᠨᠡᠬᠢ ᠰᠠᠷ᠎ᠠ ᠠᠴᠠ 14 ᠲᠡᠷᠪᠤᠮ ᠲᠥᠭᠥᠷᠢᠭ ᠦᠨ ᠥᠰᠦᠯᠲᠡ ᠲᠡᠢ ᠪᠠᠶᠢᠭᠰᠠᠨ ᠪᠠᠶᠢᠨ᠎ᠠ᠃ ᠲᠡᠭᠡᠪᠡᠯ 2019 ᠣᠨ ᠤ 12 ᠳ᠋ᠤᠭᠠᠷ ᠰᠠᠷ᠎ᠠ ᠳᠤ ᠲᠡᠳᠬᠦᠪᠦᠷᠢ ᠶᠢᠨ  ᠵᠢᠭᠡᠯᠡ ᠶᠢᠨ ᠦᠯᠡᠳᠡᠭᠳᠡᠯ 757 ᠲᠡᠷᠪᠤᠮ ᠲᠥᠭᠥᠷᠢᠭ ᠲᠦ ᠬᠦᠷᠴᠦ 19 ᠲᠡᠷᠪᠤᠮ ᠢᠶᠠᠷ ᠪᠠᠭᠤᠷᠠᠭᠰᠠᠨ᠃
ᠲᠤᠬᠠᠢ ᠶᠢᠨ ᠰᠠᠷ᠎ᠠ ᠳᠤ ᠰᠢᠨ᠎ᠡ ᠪᠡᠷ ᠣᠯᠭᠤᠭᠰᠠᠨ ᠵᠢᠭᠡᠯᠡ 55 ᠲᠡᠷᠪᠤᠮ ᠲᠥᠭᠥᠷᠢᠭ ᠪᠠᠶᠢᠭ᠎ᠠ ᠪᠣᠯ ᠲᠥᠯᠦᠭᠳᠡᠭᠰᠡᠨ ᠵᠢᠭᠡᠯᠡ ᠶᠢᠨ ᠬᠡᠮᠵᠢᠶ᠎ᠡ ᠨᠢ 73 ᠲᠡᠷᠪᠤᠮ ᠲᠥᠭᠥᠷᠢᠭ ᠪᠠᠶᠢᠨ᠎ᠠ᠃
ᠡᠨᠡ ᠨᠢ ᠡᠮᠦᠨᠡᠬᠢ ᠰᠠᠷ᠎ᠠ ᠨᠤᠭᠤᠳ ᠲᠤ ᠠᠵᠢᠭᠯᠠᠭᠳᠠᠵᠤ ᠪᠠᠶᠢᠭᠰᠠᠨ ᠬᠡᠪ ᠦᠨ ᠲᠦᠪᠰᠢᠨ ᠭᠡᠰᠡᠨ ᠦᠭᠡ᠃ ᠬᠠᠷᠢᠨ ᠴᠤ ᠰᠢᠨ᠎ᠡ ᠪᠡᠷ ᠣᠯᠭᠤᠭᠰᠠᠨ ᠵᠢᠭᠡᠯᠡ ᠶᠢᠨ ᠬᠡᠮᠵᠢᠶ᠎ᠡ 2018 ᠣᠨ ᠤ 12 ᠳ᠋ᠤᠭᠠᠷ ᠰᠠᠷ᠎ᠠ ᠶᠢᠨ  ᠳ᠋ᠦᠩ ᠪᠣᠯᠬᠤ 91 ᠲᠡᠷᠪᠤᠮ ᠲᠥᠭᠥᠷᠢᠭ ᠡᠴᠡ ᠳᠠᠷᠤᠢ 37 ᠲᠡᠷᠪᠤᠮ ᠲᠥᠭᠥᠷᠢᠭ ᠢᠶᠡᠷ ᠪᠠᠭ᠎ᠠ ᠪᠠᠶᠢᠨ᠎ᠠ᠃ ᠲᠡᠭᠦᠨᠴᠢᠯᠡᠨ 2018 ᠣᠨ ᠤ 12 ᠳ᠋ᠤᠭᠠᠷ ᠰᠠᠷ᠎ᠠ ᠳᠤ ᠲᠡᠳᠬᠦᠪᠦᠷᠢ ᠶᠢᠨ ᠵᠢᠭᠡᠯᠡ ᠶᠢᠨ ᠦᠯᠡᠳᠡᠭᠳᠡᠯ 925 ᠲᠡᠷᠪᠤᠮ ᠪᠠᠶᠢᠭᠰᠠᠨ ᠪᠣᠯ ᠡᠨᠡ ᠨᠢ 2019 ᠣᠨ ᠤ 12 ᠰᠠᠷ᠎ᠠ ᠳᠤ 756 ᠲᠡᠷᠪᠤᠮ ᠲᠥᠭᠥᠷᠢᠭ ᠲᠦ ᠬᠦᠷᠴᠦ ᠨᠡᠶᠢᠲᠡ 169 ᠲᠡᠷᠪᠤᠮ ᠲᠥᠭᠥᠷᠢᠭ ᠢᠶᠡᠷ ᠪᠠᠭᠤᠷᠠᠭᠰᠠᠨ ᠳᠦᠷᠢ ᠵᠢᠷᠤᠭ ᠲᠠᠢ ᠪᠠᠶᠢᠨ᠎ᠠ᠃

ᠰᠡᠳᠬᠢᠭᠳᠡᠯ ᠦᠯᠡᠳᠡᠭᠡᠬᠦ