ᠡᠨᠡᠳᠬᠡᠭ ᠤᠨ ᠡᠯᠴᠢᠨ ᠰᠤᠷᠤᠭᠴᠢ ᠰᠣᠯᠢᠯᠴᠠᠭᠠᠨ ᠤ ᠬᠥᠲᠥᠯᠪᠦᠷᠢ ᠶᠢ ᠡᠬᠢᠯᠡᠭᠦᠯᠦᠯ᠎ᠡ  | News.MN

ᠡᠨᠡᠳᠬᠡᠭ ᠤᠨ ᠡᠯᠴᠢᠨ ᠰᠤᠷᠤᠭᠴᠢ ᠰᠣᠯᠢᠯᠴᠠᠭᠠᠨ ᠤ ᠬᠥᠲᠥᠯᠪᠦᠷᠢ ᠶᠢ ᠡᠬᠢᠯᠡᠭᠦᠯᠦᠯ᠎ᠡ 

ᠮᠣᠩᠭᠣᠯ ᠤᠯᠤᠰ ᠳᠠᠬᠢ ᠡᠨᠡᠳᠬᠡᠭ ᠤᠯᠤᠰ ᠤᠨ ᠡᠯᠴᠢᠨ ᠰᠠᠶᠢᠳ ᠤᠨ ᠶᠠᠮᠤᠨ ᠮᠣᠩᠭᠣᠯ ᠳᠤ ᠠᠩᠬ᠎ᠠ ᠤᠳᠠᠭ᠎ᠠ ᠰᠤᠷᠤᠭᠴᠢ ᠰᠣᠯᠢᠯᠴᠠᠭᠠᠨ ᠤ ᠬᠥᠲᠥᠯᠪᠦᠷᠢ ᠬᠡᠷᠡᠭᠵᠢᠭᠦᠯᠵᠦ ᠪᠠᠶᠢᠨ᠎ᠠ᠃ ᠡᠨᠡ ᠤᠳᠠᠭ᠎ᠠ ᠡᠮᠫᠠᠲ᠋ᠢ ᠰᠠᠯᠪᠤᠷᠢ ᠰᠤᠷᠭᠠᠭᠤᠯᠢ ᠨᠤᠭᠤᠳ ᠪᠣᠯᠤᠨ ᠤᠯᠠᠭᠠᠨᠪᠠᠭᠠᠲᠤᠷ ᠧᠯᠢᠲ ᠣᠯᠠᠨ ᠤᠯᠤᠰ ᠤᠨ ᠳᠤᠮᠳᠠᠳᠤ ᠰᠤᠷᠭᠠᠭᠤᠯᠢ ᠡᠨᠡᠳᠬᠡᠭ ᠦᠨ ᠫᠠᠭᠪᠠᠷᠠ ᠬᠣᠲᠠ ᠶᠢᠨ ᠺᠠᠮᠪᠷᠢᠵ ᠣᠯᠠᠨ ᠤᠯᠤᠰ ᠤᠨ ᠰᠤᠷᠭᠠᠭᠤᠯᠢ ᠲᠠᠢ ᠰᠤᠷᠤᠭᠴᠢ ᠰᠤᠯᠢᠯᠴᠠᠬᠤ ᠬᠥᠲᠥᠯᠪᠦᠷᠢ ᠶᠢ ᠵᠣᠬᠢᠶᠠᠨ ᠪᠠᠶᠢᠭᠤᠯᠵᠤ ᠪᠠᠶᠢᠭ᠎ᠠ ᠪᠥᠭᠡᠳ ᠬᠥᠲᠥᠯᠪᠦᠷᠢ ᠶᠢᠨ ᠨᠡᠭᠡᠭᠡᠯᠲᠡ ᠥᠨᠥᠳᠥᠷ ᠪᠣᠯᠤᠯ᠎ᠠ᠃ ᠡᠨᠡᠬᠦ ᠬᠥᠲᠥᠯᠪᠦᠷᠢ ᠨᠢ ᠡᠨᠡᠳᠬᠡᠭ ᠮᠣᠩᠭᠣᠯ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 65 ᠵᠢᠯ ᠦᠨ ᠣᠢ ᠶᠢᠨ ᠬᠦᠷᠢᠶᠡᠨ ᠳᠦ ᠵᠣᠬᠢᠶᠠᠨ ᠪᠠᠶᠢᠭᠤᠯᠤᠭᠳᠠᠵᠤ ᠪᠤᠢ ᠶᠤᠮ᠃ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠨᠣᠶᠠᠨ ᠮ∙ᠫ∙ᠰᠢᠩᠾ ᠦᠨ ᠲᠤᠰᠠᠯᠠᠮᠵᠢ ᠳᠡᠮᠵᠢᠯᠭᠡ ᠲᠡᠢ ᠪᠡᠷ ᠡᠬᠢᠯᠡᠵᠦ ᠪᠤᠢ ᠪᠣᠯᠪᠠᠰᠤᠷᠠᠯ ᠤᠨ ᠡᠯ᠎ᠡ ᠲᠣᠮᠣᠬᠠᠨ ᠬᠥᠲᠥᠯᠪᠦᠷᠢ ᠶᠢᠨ ᠡᠬᠢᠨ ᠦ ᠣᠷᠣᠯᠴᠠᠭᠴᠢ ᠰᠤᠷᠤᠭᠴᠢᠳ 2020 ᠣᠨ ᠤ ᠨᠢᠭᠡᠳᠦᠭᠡᠷ ᠰᠠᠷ᠎ᠠ ᠶᠢᠨ 12 – 26 ᠤ ᠬᠣᠭᠣᠷᠣᠨᠳᠣ ᠲᠤᠰ ᠤᠯᠤᠰ ᠲᠤ ᠵᠣᠴᠢᠯᠠᠬᠤ ᠶᠤᠮ ᠪᠠᠶᠢᠨ᠎ᠠ᠃ 21 ᠰᠤᠷᠤᠭᠴᠢ᠂ ᠭᠤᠷᠪᠠᠨ ᠪᠠᠭᠰᠢ ᠡᠨᠡ ᠬᠦᠷᠢᠶᠡᠨ ᠳᠦ ᠬᠢᠴᠢᠶᠡᠯ ᠳᠦ ᠰᠠᠭᠤᠵᠤ᠂ ᠰᠤᠶᠤᠯ᠂ ᠤᠷᠠᠯᠢᠭ ᠪᠣᠯᠤᠨ ᠬᠢᠴᠢᠶᠡᠯ ᠡᠴᠡ ᠭᠠᠳᠠᠭᠤᠷ ᠦᠢᠯᠡ ᠠᠵᠢᠯᠯᠠᠭ᠎ᠠ ᠨᠤᠭᠤᠳ ᠲᠤ ᠬᠠᠮᠤᠷᠤᠭᠳᠠᠬᠤ ᠠᠴᠠ ᠭᠠᠳᠠᠨ᠎ᠠ  ᠠᠮᠷᠢᠲᠰᠠᠷ ᠬᠣᠲᠠ ᠶᠢᠨ ᠠᠯᠲᠠᠨ ᠰᠦᠮ᠎ᠡ᠂ ᠠᠭᠷᠠ ᠬᠣᠲᠠ ᠶᠢᠨ ᠲᠠᠵᠢᠮᠠᠬᠠᠯ ᠂ ᠰᠢᠨ᠎ᠡ ᠳ᠋ᠸᠯᠢ ᠬᠣᠲᠠ ᠶᠢᠨ ᠤᠯᠠᠭᠠᠨ ᠪᠣᠭᠣᠮᠲᠠ ᠪᠣᠯᠤᠨ ᠪᠤᠰᠤᠳ ᠳᠤᠷᠠᠰᠬᠠᠯᠲᠤ ᠭᠠᠵᠠᠷ ᠤᠳ ᠢᠶᠠᠷ ᠵᠣᠴᠢᠯᠠᠬᠤ ᠬᠥᠲᠥᠯᠪᠦᠷᠢ ᠲᠡᠢ᠃
ᠡᠯᠴᠢᠨ ᠰᠠᠶᠢᠳ ᠨᠣᠶᠠᠨ ᠮ∙ᠰᠢᠩᠾ᠄ ᠮᠣᠩᠭᠣᠯ ᠡᠨᠡᠳᠬᠡᠭ ᠤᠯᠤᠰ ᠥᠨᠢ ᠡᠷᠲᠡᠨ ᠦ ᠬᠠᠷᠢᠯᠴᠠᠭ᠎ᠠ ᠲᠠᠢ᠃ ᠶᠠᠭ ᠣᠷᠴᠢᠨ ᠦᠶ᠎ᠡ ᠶᠢᠨ ᠠᠯᠪᠠᠨ ᠶᠣᠰᠣᠨ ᠤ ᠬᠠᠷᠢᠯᠴᠠᠭ᠎ᠠ ᠲᠣᠭᠲᠠᠭᠠᠭᠰᠠᠨ ᠣᠨ ᠴᠠᠭ ᠢᠶᠠᠨ ᠲᠣᠭᠠᠯᠠᠪᠠᠯ 65 ᠵᠢᠯ ᠪᠣᠯᠵᠠᠢ᠃ ᠡᠨᠡ ᠬᠦᠷᠢᠶᠡᠨ ᠳᠦ ᠮᠣᠩᠭᠣᠯ ᠤᠯᠤᠰ ᠲᠠᠢ ᠪᠣᠯᠪᠠᠰᠤᠷᠠᠯ ᠤᠨ ᠬᠥᠲᠥᠯᠪᠦᠷᠢ ᠡᠬᠢᠯᠡᠭᠦᠯᠵᠦ ᠪᠠᠶᠢᠭ᠎ᠠ ᠳᠤ ᠪᠠᠨ ᠪᠠᠶᠠᠷ ᠲᠠᠢ ᠪᠠᠶᠢᠨ᠎ᠠ᠃ ᠴᠢᠨᠠᠭᠰᠢᠳᠠ ᠪᠠᠨ ᠴᠤ ᠡᠨᠡ ᠠᠷᠭ᠎ᠠ ᠬᠡᠮᠵᠢᠶ᠎ᠡ ᠦᠷᠭᠦᠯᠵᠢᠯᠡᠨ᠎ᠡ᠃ ᠰᠤᠷᠤᠭᠴᠢ ᠰᠣᠯᠢᠯᠴᠠᠭ᠎ᠠ ᠪᠠᠷ ᠶᠠᠪᠤᠵᠤ ᠪᠠᠶᠢᠭ᠎ᠠ ᠬᠡᠦᠬᠡᠳ ᠦᠳ᠂ ᠪᠠᠭᠰᠢ ᠨᠠᠷ ᠲᠤ ᠪᠠᠨ ᠠᠮᠵᠢᠯᠲᠠ ᠬᠦᠰᠡᠶ᠎ᠡ ᠬᠡᠮᠡᠨ ᠨᠡᠭᠡᠭᠡᠯᠲᠡ ᠶᠢᠨ ᠦᠶ᠎ᠡ ᠪᠡᠷ ᠬᠡᠯᠡᠯ᠎ᠡ᠃

ᠰᠡᠳᠬᠢᠭᠳᠡᠯ ᠦᠯᠡᠳᠡᠭᠡᠬᠦ