ᠮᠣᠩᠭᠣᠯ᠂ ᠠᠮᠧᠷᠢᠺᠠ ᠂ ᠶᠠᠫᠣᠨ ᠤ ᠬᠡᠯᠡᠯᠴᠡᠭᠡᠨ ᠳᠦ ᠤᠷᠤᠯᠴᠠᠪᠠ  | News.MN

ᠮᠣᠩᠭᠣᠯ᠂ ᠠᠮᠧᠷᠢᠺᠠ ᠂ ᠶᠠᠫᠣᠨ ᠤ ᠬᠡᠯᠡᠯᠴᠡᠭᠡᠨ ᠳᠦ ᠤᠷᠤᠯᠴᠠᠪᠠ 

ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠳᠠᠸᠠᠰᠦ᠋ᠷᠦᠩ 2020 ᠣᠨ ᠤ ᠨᠢᠭᠡᠳᠦᠭᠡᠷ ᠰᠠᠷ᠎ᠠ ᠶᠢᠨ 9  ᠳᠦ ᠸᠠᠰᠢᠩᠲ᠋ᠣᠨ ᠬᠤᠲᠠ ᠳᠤ ᠪᠣᠯᠵᠤ ᠪᠤᠢ ᠮᠣᠩᠭᠣᠯ᠂ ᠠᠮᠧᠷᠢᠺᠠ᠂ ᠶᠠᠫᠣᠨ ᠤ ᠭᠤᠷᠪᠠᠨ ᠲᠠᠯᠠᠲᠤ ᠠᠭᠤᠯᠵᠠᠯᠲᠠ ᠳᠤ ᠤᠷᠤᠯᠴᠠᠬᠤ ᠦᠶ᠎ᠡ ᠪᠡᠷ ᠢᠶᠡᠨ ᠲᠥᠷᠥ ᠶᠢᠨ ᠳ᠋ᠸᠫᠠᠷᠲᠮᠸᠨᠲ ᠤᠨ ᠵᠡᠭᠦᠨ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ ᠠᠰᠠᠭᠤᠳᠠᠯ ᠬᠠᠷᠢᠭᠤᠴᠠᠭᠰᠠᠨ ᠲᠤᠰᠠᠯᠠᠬᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ ∙ ᠰᠲ᠋ᠢᠯᠪᠡᠯ ᠲᠡᠢ ᠠᠭᠤᠯᠵᠠᠵᠤ᠂ ᠮᠣᠩᠭᠣᠯ᠂ ᠠᠮᠧᠷᠢᠺᠠ ᠶᠢᠨ ᠰᠲᠷᠠᠲ᠋ᠧᠭᠢ ᠶᠢᠨ ᠲᠦᠩᠰᠢᠯᠡᠯ ᠢ ᠪᠡᠬᠢᠵᠢᠭᠦᠯᠬᠦ᠂ ᠬᠣᠶᠠᠷ ᠲᠠᠯ᠎ᠠ ᠶᠢᠨ ᠡᠳ᠋ ᠍ ᠦᠨ ᠵᠠᠰᠠᠭ᠂ ᠬᠥᠷᠥᠩᠭᠡ ᠣᠷᠣᠭᠤᠯᠤᠯᠲᠠ᠂ ᠬᠤᠳᠠᠯᠳᠤᠭᠠᠨ ᠤ ᠬᠠᠷᠢᠯᠴᠠᠭ᠎ᠠ ᠶᠢ ᠥᠷᠭᠡᠵᠢᠭᠦᠯᠬᠦ ᠪᠣᠯᠤᠨ ᠪᠥᠰᠡ ᠨᠤᠲᠤᠭ ᠤᠨ ᠰᠣᠨᠢᠷᠬᠠᠭᠰᠠᠨ ᠠᠰᠠᠭᠤᠳᠠᠯ ᠢᠶᠠᠷ ᠰᠠᠨᠠᠯ ᠰᠣᠯᠢᠯᠴᠠᠵᠤ᠂ ᠶᠠᠷᠢᠯᠴᠠᠵᠠᠢ᠃ ᠮᠠᠨ ᠤ ᠲᠠᠯ᠎ᠠ ︽ᠰᠠᠷᠠᠯ ᠵᠢᠭᠰᠠᠭᠠᠯᠲᠠ︾ ᠠᠴᠠ ᠭᠠᠷᠬᠤ ᠲᠠᠢ ᠬᠣᠯᠪᠣᠭᠳᠠᠭᠤᠯᠤᠨ ᠵᠠᠰᠠᠭ ᠤᠨ ᠭᠠᠵᠠᠷ ᠠᠴᠠ ᠠᠪᠴᠤ ᠬᠡᠷᠡᠭᠵᠢᠭᠦᠯᠵᠦ ᠪᠤᠢ ᠠᠷᠭ᠎ᠠ ᠬᠡᠮᠵᠢᠶᠡᠨ ᠦ ᠲᠠᠯ᠎ᠠ ᠪᠠᠷ ᠲᠠᠨᠢᠯᠴᠠᠭᠤᠯᠤᠭᠰᠠᠨ ᠪᠥᠭᠡᠳ ᠠᠶᠢᠯ ᠤᠨ ᠲᠠᠯ᠎ᠠ ᠲᠤᠰ ᠪᠠᠶᠢᠭᠤᠯᠤᠯᠭ᠎ᠠ ᠠᠴᠠ ᠭᠠᠷᠭᠠᠭᠰᠠᠨ ᠵᠥᠪᠯᠡᠮᠵᠢ ᠨᠦᠭᠦᠳ ᠢ ᠬᠡᠷᠡᠭᠵᠢᠭᠦᠯᠬᠦ ᠳᠦ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠭᠰᠡᠨ ᠶᠤᠮ᠃
ᠲᠡᠭᠦᠨᠴᠢᠯᠡᠨ ᠬᠣᠶᠠᠷ ᠲᠠᠯ᠎ᠠ ᠮᠣᠩᠭᠣᠯ᠂ ᠠᠮᠧᠷᠢᠺᠠ ᠶᠢᠨ  ᠭᠠᠳᠠᠭᠠᠳᠤ ᠬᠠᠷᠢᠯᠴᠠᠭᠠᠨ ᠤ ᠶᠠᠮᠤᠨ ᠬᠣᠭᠣᠷᠣᠨᠳᠣ ᠶᠢᠨ ᠵᠥᠪᠯᠡᠯᠳᠦᠬᠦ ᠠᠭᠤᠯᠵᠠᠯᠲᠠ ᠶᠢ ᠤᠯᠠᠭᠠᠨᠪᠠᠭᠠᠲᠤᠷ ᠬᠤᠲᠠ ᠳᠤ 2020 ᠣᠨ ᠤ ᠡᠬᠢᠨ ᠦ ᠬᠠᠭᠠᠰ ᠲᠤ ᠵᠣᠬᠢᠶᠠᠨ ᠪᠠᠶᠢᠭᠤᠯᠬᠤ ᠪᠠᠷ ᠲᠣᠬᠢᠷᠠᠯᠴᠠᠵᠤ᠂ ᠮᠥᠨ ᠦᠶ᠎ᠡ ᠪᠡᠷ ᠲᠤᠰᠠᠯᠠᠬᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠰᠲ᠋ᠢᠯᠪᠡᠯ ᠮᠣᠩᠭᠣᠯ ᠤᠯᠤᠰ ᠲᠤ ᠠᠶᠢᠯᠴᠢᠯᠠᠬᠤ ᠪᠠᠨ ᠢᠯᠡᠷᠬᠡᠶᠢᠯᠡᠪᠡ᠃ ᠮᠥᠨ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠳᠠᠸᠠᠰᠦ᠋ᠷᠦᠩ ᠲᠥᠷᠥ ᠶᠢᠨ ᠳ᠋ᠸᠫᠠᠷᠲᠮᠸᠨᠲ  ᠤᠨ ᠤᠮᠠᠷᠠᠳᠤ ᠰᠣᠯᠣᠩᠭᠣᠰ ᠤᠨ ᠠᠰᠠᠭᠤᠳᠠᠯ ᠬᠠᠷᠢᠭᠤᠴᠠᠭᠰᠠᠨ ᠲᠤᠰᠬᠠᠢ ᠲᠥᠯᠥᠭᠡᠯᠡᠭᠴᠢ ᠶᠢᠨ ᠣᠷᠣᠯᠠᠭᠴᠢ ᠠ᠊∙ᠸᠣᠨ ᠲᠠᠢ ᠠᠭᠤᠯᠵᠠᠵᠤ᠂ ᠪᠥᠰᠡ ᠨᠤᠲᠤᠭ᠂ ᠲᠡᠭᠦᠨ ᠦ ᠳᠣᠲᠣᠷ᠎ᠠ ᠰᠣᠯᠣᠩᠭᠣᠰ ᠤᠨ ᠬᠣᠶᠢᠭ ᠳᠠᠬᠢ ᠰᠡᠭᠦᠯ ᠦᠨ ᠦᠶ᠎ᠡ ᠶᠢᠨ ᠨᠥᠬᠥᠴᠡᠯ ᠪᠠᠶᠢᠳᠠᠯ ᠤᠨ ᠲᠠᠯ᠎ᠠ ᠪᠠᠷ ᠰᠠᠨᠠᠯ ᠰᠣᠯᠢᠯᠴᠠᠯ᠎ᠠ᠃ ᠲᠠᠯ ᠨᠤᠭᠤᠳ ᠠᠰᠠᠭᠤᠳᠠᠯ ᠢ ᠶᠠᠷᠢᠶ᠎ᠠ ᠬᠡᠯᠡᠯᠴᠡᠭᠡᠨ ᠦ ᠵᠠᠮ ᠢᠶᠠᠷ ᠰᠢᠢᠳᠪᠦᠷᠢᠯᠡᠬᠦ ᠶᠢᠨ ᠴᠢᠬᠤᠯᠠ ᠶᠢ ᠲᠡᠮᠳᠡᠭᠯᠡᠪᠡ᠃

 

ᠰᠡᠳᠬᠢᠭᠳᠡᠯ ᠦᠯᠡᠳᠡᠭᠡᠬᠦ