ᠠᠷᠠᠳᠴᠢᠯᠠᠭᠰᠠᠨ ᠦᠨᠳᠦᠰᠦᠨ ᠬᠠᠤᠯᠢ ᠪᠠᠲᠤᠯᠠᠭᠰᠠᠨ ᠤ ᠡᠳᠦᠷ ᠲᠣᠬᠢᠶᠠᠵᠤ ᠪᠠᠶᠢᠨ᠎ᠠ  | News.MN

ᠠᠷᠠᠳᠴᠢᠯᠠᠭᠰᠠᠨ ᠦᠨᠳᠦᠰᠦᠨ ᠬᠠᠤᠯᠢ ᠪᠠᠲᠤᠯᠠᠭᠰᠠᠨ ᠤ ᠡᠳᠦᠷ ᠲᠣᠬᠢᠶᠠᠵᠤ ᠪᠠᠶᠢᠨ᠎ᠠ 

ᠮᠣᠩᠭᠣᠯ ᠤᠯᠤᠰ ᠬᠦᠮᠦᠨ ᠦ ᠡᠷᠬᠡ᠂ ᠡᠷᠬᠡ ᠴᠢᠯᠦᠭᠡ ᠶᠢ ᠳᠡᠭᠡᠳᠦᠯᠡᠭᠰᠡᠨ ᠢᠷᠭᠡᠨ ᠲᠥᠪ ᠲᠡᠢ ᠲᠥᠷᠦ ᠤᠯᠤᠰ ᠢ ᠰᠢᠨ᠎ᠡ ᠦᠨᠳᠦᠰᠦᠨ ᠬᠠᠤᠯᠢ ᠪᠠᠷ ᠢᠶᠠᠨ ᠲᠤᠩᠬᠠᠭᠯᠠᠭᠰᠠᠨ ᠤ ᠲᠡᠦᠬᠡᠲᠦ 28 ᠵᠢᠯ ᠦᠨ ᠣᠢ ᠥᠨᠥᠳᠥᠷ ᠲᠣᠬᠢᠶᠠᠵᠤ ᠪᠠᠶᠢᠨ᠎ᠠ᠃ ᠮᠣᠩᠭᠣᠯ ᠤᠯᠤᠰ ᠲᠡᠦᠬᠡᠨ ᠳᠦ ᠪᠡᠨ 1924᠂ 1940᠂ 1960᠂ 1992 ᠣᠨ ᠳᠤ ᠦᠨᠳᠦᠰᠦᠨ ᠬᠠᠤᠯᠢ ᠶᠢ ᠳᠥᠷᠪᠡᠨ ᠤᠳᠠᠭ᠎ᠠ ᠬᠡᠯᠡᠯᠴᠡᠨ ᠪᠠᠲᠤᠯᠠᠭᠰᠠᠨ ᠪᠠ ᠡᠬᠢᠨ ᠦ ᠭᠤᠷᠪᠠᠨ ᠬᠠᠤᠯᠢ ᠨᠠᠮᠴᠢ ᠬᠠᠨᠳᠤᠯᠭ᠎ᠠ᠂ ᠮᠠᠷᠺᠰᠢᠰᠲ ᠦᠵᠡᠯ ᠰᠤᠷᠲᠠᠯ ᠢ ᠪᠠᠷᠢᠮᠲᠠᠯᠠᠵᠤ ᠪᠠᠶᠢᠪᠠ᠃ ᠬᠠᠷᠢᠨ 1992 ᠣᠨ ᠤ ᠰᠢᠨ᠎ᠡ ᠦᠨᠳᠦᠰᠦᠨ ᠬᠠᠤᠯᠢ ᠪᠣᠯ ᠮᠠᠨ ᠤ ᠣᠷᠣᠨ ᠤ ᠨᠡᠶᠢᠲᠡ ᠬᠦᠮᠦᠨ ᠠᠮᠠ ᠶᠢ ᠨᠡᠶᠢᠭᠡᠮ ᠦᠨ ᠠᠩᠭᠢ ᠳᠠᠪᠬᠤᠷᠭ᠎ᠠ ᠂ ᠦᠵᠡᠯ ᠪᠣᠳᠣᠯ ᠢᠶᠠᠷ ᠢᠯᠭᠠᠪᠤᠷᠢᠯᠠᠯ ᠦᠭᠡᠢ᠂ ᠨᠡᠶᠢᠲᠡᠯᠢᠭ ᠠᠰᠢᠭ ᠰᠣᠨᠢᠷᠬᠠᠯ ᠢ ᠨᠢ ᠬᠠᠮᠠᠭᠠᠯᠠᠵᠤ᠂ ᠬᠦᠮᠦᠨ ᠲᠥᠷᠦᠯᠬᠢᠲᠡᠨ ᠦ ᠬᠥᠭᠵᠢᠯ ᠦᠨ ᠵᠢᠮ᠎ᠠ ᠶᠣᠰᠣ ᠶᠢ ᠪᠠᠷᠢᠮᠲᠠᠯᠠᠨ ᠢᠯᠡᠷᠬᠡᠶᠢᠯᠡᠭᠰᠡᠨ ᠠᠷᠠᠳᠴᠢᠯᠠᠭᠰᠠᠨ ᠦᠨᠳᠦᠰᠦᠨ ᠬᠠᠤᠯᠢ ᠭᠡᠵᠦ ᠮᠣᠩᠭᠣᠯ ᠤᠨ ᠠᠷᠠᠳ ᠲᠦᠮᠡᠨ ᠨᠡᠶᠢᠲᠡ ᠪᠡᠷ ᠬᠦᠯᠢᠶᠡᠨ ᠵᠥᠪᠰᠢᠶᠡᠷᠡᠳᠡᠭ ᠪᠢᠯᠡ᠃ ᠲᠡᠶᠢᠮᠦ ᠡᠴᠡ  ︽ᠨᠡᠶᠢᠲᠡ ᠪᠡᠷ ᠲᠡᠮᠳᠡᠭᠯᠡᠬᠦ ᠪᠠᠶᠠᠷ ᠤᠨ ᠪᠣᠯᠤᠨ ᠲᠡᠮᠳᠡᠭᠯᠡᠯᠲᠦ ᠡᠳᠦᠷ ᠦᠳ ᠦᠨ ᠲᠤᠬᠠᠢ︾ ᠬᠠᠤᠯᠢ ᠳᠤ ᠵᠢᠯ ᠪᠦᠷᠢ ᠶᠢᠨ ᠨᠢᠭᠡᠳᠦᠭᠡᠷ ᠰᠠᠷ᠎ᠠ ᠶᠢᠨ 13 ᠍ ᠳᠦ ᠦᠨᠳᠦᠰᠦᠨ ᠬᠠᠤᠯᠢ ᠶᠢᠨ ᠡᠳᠦᠷ ᠬᠡᠮᠡᠨ ᠨᠡᠶᠢᠲᠡ ᠪᠡᠷ ᠲᠡᠮᠳᠡᠭᠯᠡᠬᠦ ᠪᠡᠷ ᠵᠢᠭᠠᠭᠰᠠᠨ ᠪᠠᠶᠢᠳᠠᠭ᠃
ᠮᠣᠩᠭᠣᠯ ᠤᠯᠤᠰ ᠠᠷᠠᠳᠴᠢᠯᠠᠭᠰᠠᠨ ᠰᠢᠨ᠎ᠡ ᠦᠨᠳᠦᠰᠦᠨ ᠬᠠᠤᠯᠢ ᠲᠠᠢ ᠪᠣᠯᠬᠤ ᠳᠤ ᠲᠤᠬᠠᠢ ᠶᠢᠨ  ᠦᠶ᠎ᠡ  ᠳᠦ ᠤᠯᠤᠰ ᠲᠥᠷᠥ ᠶᠢᠨ ᠣᠯᠠᠨ ᠨᠠᠮ ᠤᠨ ᠲᠥᠯᠥᠭᠡᠯᠡᠯ ᠲᠡᠢ ᠪᠡᠷ ᠠᠩᠬᠠᠨ ᠤ ᠠᠷᠠᠳᠴᠢᠯᠠᠭᠰᠠᠨ ᠴᠢᠯᠦᠭᠡᠲᠦ ᠰᠣᠩᠭᠣᠭᠤᠯᠢ ᠪᠠᠷ ᠪᠠᠶᠢᠭᠤᠯᠤᠭᠳᠠᠵᠤ᠂ ᠲᠥᠷᠥ ᠶᠢᠨ ᠡᠷᠬᠡ ᠮᠡᠳᠡᠯ ᠢ ᠬᠡᠷᠡᠭᠵᠢᠭᠦᠯᠵᠦ ᠪᠠᠶᠢᠭᠰᠠᠨ ᠠᠷᠠᠳ ᠤᠨ ᠶᠡᠬᠡ ᠬᠤᠷᠠᠯ ᠤᠨ 430 ᠭᠠᠷᠤᠢ ᠳ᠋ᠧᠫᠦᠲ᠋ᠠᠲ᠂ ᠤᠯᠤᠰ ᠤᠨ ᠪᠠᠭ᠎ᠠ ᠬᠤᠷᠠᠯ ᠤᠨ 50 ᠭᠠᠷᠤᠢ ᠭᠡᠰᠢᠭᠦᠨ ᠣᠶᠤᠨ ᠤᠬᠠᠭᠠᠨ ᠢᠶᠠᠨ ᠤᠷᠤᠯᠳᠤᠭᠤᠯᠤᠨ 75 ᠬᠣᠨᠣᠭ ᠬᠡᠯᠡᠯᠴᠡᠨ ᠪᠠᠲᠤᠯᠠᠭᠰᠠᠨ ᠲᠡᠦᠬᠡ ᠲᠡᠢ᠃

ᠰᠡᠳᠬᠢᠭᠳᠡᠯ ᠦᠯᠡᠳᠡᠭᠡᠬᠦ