ᠣᠯᠠᠨ ᠤᠯᠤᠰ ᠤᠨ  ᠸᠠᠯᠢᠶᠤᠲ ᠤᠨ ᠰᠠᠩ ᠢ ᠡᠰᠡᠷᠭᠦᠴᠡᠯ᠎ᠡ  | News.MN

ᠣᠯᠠᠨ ᠤᠯᠤᠰ ᠤᠨ  ᠸᠠᠯᠢᠶᠤᠲ ᠤᠨ ᠰᠠᠩ ᠢ ᠡᠰᠡᠷᠭᠦᠴᠡᠯ᠎ᠡ 

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠥᠨᠥᠳᠥᠷ ᠦᠨ ᠬᠤᠷᠠᠯᠳᠤᠭᠠᠨ ᠢᠶᠠᠷ 776 ᠲᠡᠷᠪᠤᠮ ᠲᠥᠭᠥᠷᠢᠭ ᠦᠨ ᠪᠤᠨᠳ᠋ ᠪᠣᠰᠬᠠᠵᠤ᠂ ᠵᠢᠷᠭᠤᠭ᠎ᠠ ᠬᠦᠷᠲᠡᠯ᠎ᠡ ᠰᠠᠶ᠎ᠠ ᠲᠥᠭᠥᠷᠢᠭ ᠦᠨ ᠲᠡᠳᠬᠦᠪᠦᠷᠢ ᠶᠢ ᠲᠢᠭᠯᠡᠬᠦ ᠬᠠᠤᠯᠢ ᠶᠢ ᠪᠠᠲᠤᠯᠠᠯ᠎ᠠ᠃ ᠡᠨᠡ ᠬᠠᠤᠯᠢ ᠲᠠᠢ ᠬᠣᠯᠪᠣᠭ᠎ᠠ ᠲᠠᠢ ᠰᠢᠭᠦᠮᠵᠢᠯᠡᠯ ᠵᠥᠪᠬᠡᠨ ᠳᠣᠲᠣᠭᠠᠳᠤ ᠳᠤ ᠪᠠᠨ ᠥᠷᠨᠢᠭᠰᠡᠨ ᠦᠭᠡᠢ᠂ ᠭᠠᠳᠠᠨ᠎ᠠ ᠲᠠᠯ᠎ᠠ ᠠᠴᠠ ᠴᠤ ᠢᠷᠡᠵᠦ ᠡᠬᠢᠯᠡᠭᠰᠡᠨ ᠨᠢ ᠮᠥᠨᠥᠬᠢ ᠣᠯᠠᠨ ᠤᠯᠤᠰ ᠤᠨ  ᠸᠠᠯᠢᠶᠤᠲ ᠤᠨ ᠰᠠᠩ ᠃  ᠤᠭ ᠰᠠᠩ ᠤᠨ ᠮᠣᠩᠭᠣᠯ ᠤᠯᠤᠰ ᠢ ᠬᠠᠷᠢᠭᠤᠴᠠᠭᠰᠠᠨ ᠠᠵᠢᠯ ᠤᠨ ᠬᠡᠰᠡᠭ ᠦᠨ ᠠᠬᠠᠯᠠᠭᠴᠢ ᠵᠧᠹᠹ  ᠭᠤᠲᠯᠢᠪ᠄ ᠮᠣᠩᠭᠣᠯ ᠤᠯᠤᠰ ᠣᠯᠠᠨ ᠤᠯᠤᠰ ᠤᠨ ᠸᠠᠯᠢᠶᠤᠲ ᠤᠨ ᠰᠠᠩ ᠲᠠᠢ ᠪᠠᠶᠢᠭᠤᠯᠤᠭᠰᠠᠨ ᠭᠡᠷ᠎ᠡ ᠪᠡᠨ ᠵᠥᠷᠢᠴᠡᠭᠰᠡᠨ᠃ ᠲᠡᠳᠬᠦᠪᠦᠷᠢ ᠶᠢᠨ  ᠵᠢᠭᠡᠯᠡ ᠶᠢ ᠴᠤᠴᠠᠯᠠᠬᠤ ᠡᠨᠡ ᠰᠠᠨᠠᠯ 2017 ᠣᠨ ᠳᠤ ᠣᠯᠠᠨ ᠤᠯᠤᠰ ᠤᠨ  ᠸᠠᠯᠢᠶᠤᠲ ᠤᠨ ᠰᠠᠩ ᠲᠠᠢ ᠵᠠᠰᠠᠭ ᠤᠨ ᠭᠠᠵᠠᠷ ᠲᠣᠬᠢᠷᠠᠯᠴᠠᠨ ᠬᠡᠷᠡᠭᠵᠢᠭᠦᠯᠵᠦ ᠡᠬᠢᠯᠡᠭᠰᠡᠨ ᠬᠥᠲᠥᠯᠪᠦᠷᠢ ᠲᠡᠢ ᠨᠡᠶᠢᠴᠡᠬᠦ ᠦᠭᠡᠢ ᠪᠠᠶᠢᠨ᠎ᠠ᠃ ᠡᠷᠬᠡ ᠪᠠᠷᠢᠭᠴᠢᠳ ᠤᠨ ᠫᠤᠫᠤᠯᠢᠰᠲ ᠠᠮᠠᠯᠠᠯᠲᠠ ᠳᠤᠲᠤᠭᠠᠳᠤ ᠶᠢᠨ ᠨᠡᠶᠢᠲᠡ ᠪᠦᠲᠦᠭᠡᠭᠳᠡᠬᠦᠨ ᠍ ᠳᠦ ᠡᠵᠡᠯᠡᠬᠦ  ᠦᠷᠢ ᠶᠢ ᠬᠣᠶᠠᠷ  ᠬᠤᠪᠢ ᠪᠠᠷ ᠨᠡᠮᠡᠵᠦ᠂ ᠢᠨᠹᠯᠢᠶᠠᠼ᠂ ᠲᠥᠭᠥᠷᠢᠭ ᠦᠨ ᠬᠠᠩᠰᠢ ᠳᠤ ᠳᠠᠷᠤᠮᠲᠠ ᠤᠴᠠᠷᠠᠭᠤᠯᠤᠨ᠎ᠠ ᠭᠡᠰᠡᠨ ᠪᠠᠶᠢᠨ᠎ᠠ ᠃

ᠰᠡᠳᠬᠢᠭᠳᠡᠯ ᠦᠯᠡᠳᠡᠭᠡᠬᠦ