ᠬ∙ᠪᠠᠲᠤᠲᠤᠯᠭ᠎ᠠ ᠳᠡᠯᠡᠬᠡᠢ ᠶᠢᠨ ᠪᠠᠩᠬᠢᠨ ᠤ ᠳᠡᠳ᠋ ᠶᠡᠷᠦᠩᠬᠡᠶᠢᠯᠡᠭᠴᠢ ᠲᠠᠢ ᠠᠭᠤᠯᠵᠠᠯ᠎ᠠ  | News.MN

ᠬ∙ᠪᠠᠲᠤᠲᠤᠯᠭ᠎ᠠ ᠳᠡᠯᠡᠬᠡᠢ ᠶᠢᠨ ᠪᠠᠩᠬᠢᠨ ᠤ ᠳᠡᠳ᠋ ᠶᠡᠷᠦᠩᠬᠡᠶᠢᠯᠡᠭᠴᠢ ᠲᠠᠢ ᠠᠭᠤᠯᠵᠠᠯ᠎ᠠ 

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠥᠨᠥᠳᠥᠷ ᠳᠡᠯᠡᠬᠡᠢ ᠶᠢᠨ ᠪᠠᠩᠬᠢᠨ ᠤ ᠵᠡᠭᠦᠨ ᠠᠽᠢᠶ᠎ᠠ᠂ ᠨᠣᠮᠣᠬᠠᠨ ᠳᠠᠯᠠᠢ ᠶᠢᠨ ᠪᠥᠰᠡ ᠬᠠᠷᠢᠭᠤᠴᠠᠭᠰᠠᠨ ᠳᠡᠳ᠋ ᠶᠡᠷᠦᠩᠬᠡᠶᠢᠯᠡᠭᠴᠢ ᠬᠠᠲᠤᠭᠲᠠᠢ ᠸᠢᠺᠲ᠋ᠣᠷᠢᠶ᠎ᠠ ᠺᠸᠠᠺᠸᠠ᠂ ᠲᠤᠰ ᠪᠠᠩᠬᠢᠨ ᠤ ᠮᠣᠩᠭᠣᠯ ᠳ᠋ᠡᠬᠢ ᠰᠠᠭᠤᠷᠢᠨ ᠲᠥᠯᠥᠭᠡᠯᠡᠭᠴᠢ ᠠᠨᠳᠠᠷᠢ ᠮᠢᠾᠨᠧᠪ ᠨᠠᠷ ᠢ ᠬᠦᠯᠢᠶᠡᠨ ᠠᠪᠴᠤ ᠠᠭᠤᠯᠵᠠᠯ᠎ᠠ᠃ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ᠂ ᠳᠡᠯᠡᠬᠡᠢ ᠶᠢᠨ ᠪᠠᠩᠬᠢᠨ ᠤ ᠬᠠᠮᠲᠤᠷᠠᠨ ᠭᠠᠷᠭᠠᠭᠰᠠᠨ ᠲᠣᠭᠠᠴᠠᠭᠠᠯᠠᠯ ᠢᠶᠠᠷ ᠮᠣᠩᠭᠣᠯ ᠤᠯᠤᠰ ᠤᠨ ᠶᠠᠳᠠᠭᠤᠷᠠᠯ ᠤᠨ ᠲᠦᠪᠰᠢᠨ 28.4 ᠬᠤᠪᠢ ᠲᠠᠢ ᠭᠠᠷᠤᠭᠰᠠᠨ ᠪᠥᠭᠡᠳ ᠡᠨᠡ ᠨᠢ ᠮᠣᠩᠭᠣᠯ ᠤᠯᠤᠰ ᠲᠤ ᠶᠠᠳᠠᠭᠤᠷᠠᠯ ᠶᠡᠬᠡ ᠪᠠᠶᠢᠭ᠎ᠠ ᠶᠢ ᠢᠯᠡᠳᠬᠡᠬᠦ ᠡᠴᠡ ᠭᠠᠳᠠᠨ᠎ᠠ ᠡᠳ᠋ ᠍ ᠦᠨ ᠵᠠᠰᠠᠭ ᠤᠨ ᠥᠰᠦᠯᠲᠡ ᠢᠷᠭᠡᠳ ᠲᠦ ᠬᠦᠷᠲᠡᠭᠡᠮᠵᠢ ᠮᠠᠭᠤ ᠲᠠᠢ ᠪᠠᠶᠢᠭ᠎ᠠ ᠶᠢ ᠬᠠᠷᠠᠭᠤᠯᠵᠤ ᠪᠤᠢ ᠶᠠᠪᠤᠳᠠᠯ ᠬᠡᠮᠡᠨ ᠲᠠᠯ᠎ᠠ ᠨᠤᠭᠤᠳ ᠳ᠋ᠦᠩᠨᠡᠯ᠎ᠡ᠃
︽ᠥᠩᠭᠡᠷᠡᠭᠰᠡᠨ ᠵᠢᠯ ᠦᠳ ᠲᠦ ᠤᠯᠠᠭᠠᠨᠪᠠᠭᠠᠲᠤᠷ ᠬᠣᠲᠠ ᠠᠴᠠ ᠭᠠᠳᠠᠨ᠎ᠠ ᠬᠥᠳᠡᠭᠡ ᠣᠷᠣᠨ ᠨᠤᠲᠤᠭ ᠤᠨ ᠳᠡᠳ᠋ ᠪᠦᠲᠦᠴᠡ᠂ ᠵᠠᠮ ᠲᠡᠭᠡᠭᠡᠪᠦᠷᠢ᠂ ᠴᠠᠬᠢᠯᠭᠠᠨ ᠡᠷᠴᠢᠮ ᠬᠦᠴᠦᠨ ᠦ ᠬᠠᠩᠭᠠᠮᠵᠢ ᠶᠢ ᠨᠡᠮᠡᠭᠳᠡᠭᠦᠯᠬᠦ ᠲᠠᠯ᠎ᠠ ᠳᠡᠭᠡᠷ᠎ᠡ ᠣᠯᠤᠯᠲᠠ ᠲᠠᠢ᠂ ᠠᠬᠢᠴᠠ ᠲᠠᠢ ᠠᠵᠢᠯᠯᠠᠭᠰᠠᠨ ᠨᠢ ᠨᠡᠭᠦᠳᠡᠯ ᠢ ᠵᠣᠭᠰᠣᠬᠤ᠂ ᠣᠷᠣᠨ ᠨᠤᠲᠤᠭ ᠤᠨ ᠬᠥᠭᠵᠢᠯ ᠢ ᠳᠡᠮᠵᠢᠭᠰᠡᠨ᠃ ᠭᠡᠪᠡᠴᠦ ᠮᠠᠯᠴᠢᠨ ᠡᠷᠦᠬᠡ ᠨᠦᠭᠦᠳ ᠦᠨ ᠣᠷᠣᠯᠭ᠎ᠠ ᠶᠢ ᠨᠡᠮᠡᠭᠳᠡᠭᠦᠯᠬᠦ ᠲᠣᠮᠣᠬᠠᠨ ᠲᠥᠰᠥᠯ ᠦᠳ ᠢ ᠬᠡᠷᠡᠭᠵᠢᠭᠦᠯᠬᠦ ᠨᠢ ᠶᠠᠳᠠᠭᠤᠷᠠᠯ ᠢ ᠢᠯᠡᠭᠦᠦ ᠬᠤᠷᠳᠤᠨ ᠪᠠᠭᠤᠷᠠᠭᠤᠯᠤᠨ᠎ᠠ ︾ ᠭᠡᠵᠦ ᠦᠵᠡᠵᠦ ᠪᠤᠢ  ᠪᠠᠨ ᠮᠣᠩᠭᠣᠯ ᠤᠯᠤᠰ ᠤᠨ ᠶᠡᠷᠦᠩᠬᠡᠶᠢᠯᠡᠭᠴᠢ ᠢᠯᠡᠷᠬᠡᠶᠢᠯᠡᠭᠡᠳ᠂ ᠵᠠᠷᠢᠮ ᠲᠥᠰᠥᠯ ᠬᠥᠲᠥᠯᠪᠦᠷᠢ ᠨᠦᠭᠦᠳ ᠢ ᠬᠠᠲᠤᠭᠲᠠᠢ ᠸᠢᠺᠲ᠋ᠣᠷᠢᠶ᠎ᠠ ᠺᠸᠠᠺᠸᠠ ᠳᠤ ᠳᠡᠯᠭᠡᠷᠡᠩᠭᠦᠢ ᠲᠠᠨᠢᠯᠴᠠᠭᠤᠯᠪᠠ᠃180 ᠮᠢᠩᠭ᠎ᠠ ᠭᠠᠷᠤᠢ ᠮᠠᠯᠴᠢᠨ ᠡᠷᠦᠬᠡ ᠶᠢᠨ ᠣᠷᠣᠯᠭ᠎ᠠ ᠶᠢᠨ ᠡᠬᠢ ᠡᠭᠦᠰᠪᠦᠷᠢ ᠪᠣᠯᠤᠭᠰᠠᠨ ᠮᠢᠬ᠎ᠠ᠂ ᠠᠷᠠᠰᠤ ᠰᠢᠷᠢ᠂ ᠨᠣᠣᠰᠣ ᠨᠤᠯᠤᠤᠷ ᠵᠡᠷᠭᠡ ᠪᠦᠲᠦᠭᠡᠭᠳᠡᠬᠦᠨ ᠢ ᠪᠣᠯᠪᠠᠰᠤᠷᠠᠭᠤᠯᠵᠤ᠂ ᠡᠺᠰᠫᠣᠷᠲ ᠲᠤ ᠭᠠᠷᠭᠠᠬᠤ ᠲᠥᠰᠥᠯ ᠦᠳ ᠦᠨ ᠲᠸᠭᠨᠢᠭ ᠡᠳ᠋ ᠦᠨ ᠵᠠᠰᠠᠭ ᠤᠨ ᠦᠨᠳᠦᠰᠦᠯᠡᠯ ᠬᠢᠭᠳᠡᠵᠦ᠂ ᠵᠠᠷᠢᠮ ᠪᠦᠲᠦᠭᠡᠭᠳᠡᠬᠦᠨ ᠢ ᠲᠤᠷᠰᠢᠯᠲᠠ ᠪᠠᠷ ᠡᠺᠰᠫᠣᠷᠲ ᠲᠦ ᠭᠠᠷᠭᠠᠬᠤ ᠠᠵᠢᠯ ᠡᠬᠢᠯᠡᠭᠰᠡᠨ ᠨᠢ ᠳᠡᠯᠡᠬᠡᠢ ᠶᠢᠨ ᠪᠠᠩᠬᠢᠨ ᠤ ᠰᠣᠨᠢᠷᠬᠠᠯ ᠢ ᠲᠠᠲᠠᠵᠤ ᠪᠠᠶᠢᠭ᠎ᠠ ᠶᠢ ᠬᠠᠲᠤᠭᠲᠠᠢ ᠸᠢᠺᠲ᠋ᠣᠷᠢᠶ᠎ᠠ ᠺᠸᠠᠺᠸᠠ ᠬᠡᠯᠡᠯ᠎ᠡ᠃

ᠰᠡᠳᠬᠢᠭᠳᠡᠯ ᠦᠯᠡᠳᠡᠭᠡᠬᠦ