ᠬᠣᠪᠳᠣ ᠶᠢᠨ ᠠᠯᠲᠠᠢ ᠳᠤ ᠬᠤᠯᠠᠨ ᠤ ᠠᠩᠴᠢᠨ ᠢ ᠪᠠᠷᠢᠵᠠᠢ  | News.MN

ᠬᠣᠪᠳᠣ ᠶᠢᠨ ᠠᠯᠲᠠᠢ ᠳᠤ ᠬᠤᠯᠠᠨ ᠤ ᠠᠩᠴᠢᠨ ᠢ ᠪᠠᠷᠢᠵᠠᠢ 

2020 ᠣᠨ ᠤ ᠨᠢᠭᠡᠳᠦᠭᠡᠷ ᠰᠠᠷ᠎ᠠ ᠶᠢᠨ 10 ᠍ ᠤ ᠡᠳᠦᠷ ᠬᠣᠪᠳᠣ ᠠᠶᠢᠮᠠᠭ ᠤᠨ ᠠᠯᠲᠠᠢ ᠰᠤᠮᠤ ᠶᠢᠨ  ︽ᠠᠯᠲᠠᠨᠭᠠᠳᠠᠰᠤ︾ ᠪᠠᠭ ᠤᠨ ᠨᠤᠲᠤᠭ ᠳᠡᠪᠢᠰᠬᠡᠷ ᠲᠦ 51 ᠨᠠᠰᠤᠲᠠᠢ ᠡᠷᠡᠭᠲᠡᠢ ︽ᠨ︾ ᠭᠡᠭᠴᠢ ᠨᠢ ᠨᠢᠭᠡ ᠬᠤᠯᠠᠨ ᠫᠤᠤᠳᠠᠵᠤ ᠠᠩᠨᠠᠭᠰᠠᠨ ᠢ ᠬᠣᠪᠳᠣ ᠠᠶᠢᠮᠠᠭ ᠤᠨ ᠪᠤᠯᠠᠭᠠᠨ ᠰᠤᠮᠤ ᠳ᠋ᠡᠬᠢ ᠰᠤᠮᠤ ᠳᠤᠮᠳᠠ ᠶᠢᠨ ᠴᠠᠭᠳᠠᠭ᠎ᠠ ᠶᠢᠨ ᠬᠡᠯᠲᠡᠰ ᠢᠷᠭᠡᠳ ᠦᠨ ᠮᠡᠳᠡᠭᠡᠯᠡᠯ ᠦᠨ ᠳᠠᠭᠠᠤ ᠢᠯᠡᠷᠡᠭᠦᠯᠵᠡᠢ᠃ ᠬᠤᠯᠠᠨ ᠠᠳᠤᠭᠤ ᠨᠢ ᠮᠣᠩᠭᠣᠯ ᠤᠯᠤᠰ ᠤᠨ ᠵᠠᠰᠠᠭ ᠤᠨ ᠭᠠᠵᠠᠷ ᠤᠨ 2012 ᠣᠨ ᠤ ᠳᠤᠯᠤᠳᠤᠭᠠᠷ ᠲᠣᠭᠲᠠᠭᠠᠯ ᠢᠶᠠᠷ ᠪᠠᠲᠤᠯᠠᠭᠳᠠᠭᠰᠠᠨ ᠬᠣᠪᠣᠷ ᠠᠮᠢᠲᠠᠨ ᠤ ᠵᠢᠭᠰᠠᠭᠠᠯᠲᠠ ᠳᠤ ᠪᠠᠭᠲᠠᠭᠰᠠᠨ ᠠᠮᠢᠲᠠᠨ ᠶᠤᠮ᠃
ᠮᠣᠩᠭᠣᠯ ᠤᠯᠤᠰ ᠤᠨ ︽ᠡᠷᠡᠭᠦᠦ ᠶᠢᠨ ᠬᠠᠤᠯᠢ︾ ᠳᠤ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠲᠤ ᠵᠥᠪᠰᠢᠶᠡᠷᠡᠯ ᠦᠭᠡᠢ ᠪᠡᠷ ᠠᠮᠢᠲᠠᠨ ᠠᠩᠨᠠᠭᠰᠠᠨ ᠪᠣᠯ ᠨᠢᠭᠡ ᠵᠢᠯ ᠡᠴᠡ ᠲᠠᠪᠤᠨ ᠵᠢᠯ ᠬᠦᠷᠲᠡᠯ᠎ᠡ ᠬᠤᠭᠤᠴᠠᠭ᠎ᠠ ᠪᠠᠷ ᠵᠣᠷᠴᠢᠬᠤ ᠡᠷᠬᠡ ᠶᠢ ᠬᠢᠵᠠᠭᠠᠷᠯᠠᠬᠤ᠂ ᠡᠰᠡᠬᠦᠯ᠎ᠡ ᠨᠢᠭᠡ ᠵᠢᠯ ᠡᠴᠡ ᠲᠠᠪᠤᠨ ᠵᠢᠯ ᠬᠦᠷᠲᠡᠯ᠎ᠡ ᠬᠤᠭᠤᠴᠠᠭ᠎ᠠ ᠪᠠᠷ ᠬᠤᠷᠢᠬᠤ  ᠶᠠᠯ᠎ᠠ ᠪᠠᠷ ᠰᠢᠢᠳᠭᠡᠨ᠎ᠡ ᠭᠡᠵᠦ ᠵᠢᠭᠠᠭᠰᠠᠨ ᠪᠠᠶᠢᠳᠠᠭ᠃

ᠰᠡᠳᠬᠢᠭᠳᠡᠯ ᠦᠯᠡᠳᠡᠭᠡᠬᠦ