ᠤ᠊∙ᠬᠦᠷᠡᠯᠰᠦ᠋ᠬᠡ ᠭᠤᠪᠢᠰᠦ᠋ᠮᠪᠤᠷ ᠠᠶᠢᠮᠠᠭ ᠲᠤ ᠠᠵᠢᠯᠯᠠᠯ᠎ᠠ  | News.MN

ᠤ᠊∙ᠬᠦᠷᠡᠯᠰᠦ᠋ᠬᠡ ᠭᠤᠪᠢᠰᠦ᠋ᠮᠪᠤᠷ ᠠᠶᠢᠮᠠᠭ ᠲᠤ ᠠᠵᠢᠯᠯᠠᠯ᠎ᠠ 

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠨᠢᠭᠡᠳᠦᠭᠡᠷ ᠰᠠᠷ᠎ᠠ ᠶᠢᠨ 14 ᠳᠦ  ᠭᠤᠪᠢᠰᠦ᠋ᠮᠪᠤᠷ ᠠᠶᠢᠮᠠᠭ ᠲᠤ ᠠᠵᠢᠯᠯᠠᠯ᠎ᠠ᠃ ᠵᠠᠰᠠᠭ ᠤᠨ ᠭᠠᠵᠠᠷ ᠤᠨ ᠲᠡᠷᠢᠭᠦᠨ ᠰᠦᠮᠪᠦᠷ ᠰᠤᠮᠤ ᠶᠢᠨ ᠢᠷᠭᠡᠳ ᠲᠥᠷᠥ ᠶᠢᠨ ᠠᠯᠪᠠᠨ ᠬᠠᠭᠠᠭᠴᠢᠳ ᠤᠨ ᠲᠥᠯᠥᠭᠡᠯᠡᠯ ᠲᠡᠢ ᠠᠭᠤᠯᠵᠠᠵᠤ ᠲᠥᠷᠥ ᠡᠴᠡ ᠬᠡᠷᠡᠭᠵᠢᠭᠦᠯᠵᠦ ᠪᠠᠶᠢᠭ᠎ᠠ ᠪᠣᠳᠣᠯᠭ᠎ᠠ ᠰᠢᠢᠳᠪᠦᠷᠢ ᠶᠢᠨ ᠬᠡᠷᠡᠭᠵᠢᠯᠲᠡ᠂ ᠲᠣᠮᠣᠬᠠᠨ ᠲᠥᠰᠥᠯ ᠦᠳ ᠦᠨ ᠠᠵᠢᠯ ᠤᠨ ᠶᠠᠪᠤᠴᠠ ᠶᠢᠨ ᠲᠠᠯ᠎ᠠ ᠪᠠᠷ ᠮᠡᠳᠡᠭᠡᠯᠡᠯ ᠥᠭᠴᠦ ᠢᠷᠭᠡᠳ ᠦᠨ ᠠᠰᠠᠭᠤᠯᠲᠠ ᠳᠤ ᠬᠠᠷᠢᠭᠤᠯᠤᠭᠰᠠᠨ ᠪᠠᠶᠢᠨ᠎ᠠ᠃
ᠮᠥᠨ ᠪᠠᠶᠠᠨᠲᠠᠯ᠎ᠠ ᠰᠤᠮᠤ ᠶᠢᠨ ᠡᠷᠦᠬᠡ ᠶᠢᠨ ᠡᠮᠨᠡᠯᠭᠡ ᠳᠦ ᠰᠢᠨ᠎ᠡ ᠮᠠᠰᠢᠨ ᠢ ᠰᠢᠢᠳᠪᠦᠷᠢᠯᠡᠭᠰᠡᠨ ᠪᠣᠯ ᠬᠡᠦᠬᠡᠳ ᠦᠨ ᠣᠷᠳᠣᠨ ᠤ ᠪᠠᠷᠢᠯᠭ᠎ᠠ᠂ ᠰᠤᠮᠤᠳ ᠤᠨ ᠰᠤᠶᠤᠯ ᠤᠨ ᠲᠥᠪ ᠦᠨ ᠪᠠᠷᠢᠯᠭ᠎ᠠ ᠶᠢ ᠰᠢᠨ᠎ᠡ ᠪᠡᠷ ᠪᠠᠷᠢᠬᠤ ᠣᠷᠣᠨ ᠨᠤᠲᠤᠭ ᠤᠨ ᠰᠠᠨᠠᠭᠠᠴᠢᠯᠠᠭ᠎ᠠ ᠶᠢ ᠠᠩᠬᠠᠷᠴᠤ ᠠᠵᠢᠯᠯᠠᠬᠤ ᠪᠠᠨ ᠢᠯᠡᠷᠬᠡᠶᠢᠯᠡᠵᠡᠢ᠃ ᠰᠢᠪᠡᠭᠡᠭᠣᠪᠢ ᠰᠤᠮᠤᠨ ᠳᠤ ᠪᠠᠶᠢᠷᠢᠯᠠᠬᠤ ︽ᠡᠢᠺᠦ ᠰᠣᠷᠠ︾ ᠨᠡᠭᠦᠷᠡᠰᠦᠨ ᠦ ᠠᠭᠤᠷᠬᠠᠢ ᠶᠢᠨ ᠠᠰᠠᠭᠤᠳᠠᠯ ᠢ ᠰᠤᠳᠤᠯᠵᠤ ᠬᠠᠤᠯᠢ ᠶᠢᠨ ᠳᠠᠭᠠᠤ ᠰᠢᠢᠳᠪᠦᠷᠢᠯᠡᠬᠦ ᠶᠢ  ᠪᠠᠶᠢᠭᠠᠯᠢ ᠤᠷᠴᠢᠨ ᠤ ᠰᠠᠶᠢᠳ ᠨ∙ᠰᠡᠷᠡᠩᠪᠠᠲᠤ ᠳᠤ ᠡᠭᠦᠷᠭᠡ ᠪᠣᠯᠭᠠᠪᠠ᠃

ᠰᠡᠳᠬᠢᠭᠳᠡᠯ ᠦᠯᠡᠳᠡᠭᠡᠬᠦ