ᠮᠣᠩᠭᠣᠯ ᠤᠨ ᠪᠠᠷᠠᠭ᠎ᠠ  ᠪᠠᠶᠠᠨᠨᠠᠭᠤᠷ ᠤᠨ ᠴᠠᠬᠢᠮ ᠬᠤᠳᠠᠯᠳᠤᠭᠠᠨ ᠤ ᠲᠥᠪ ᠲᠦ ᠪᠠᠶᠢᠷᠢᠰᠢᠪᠠ  | News.MN

ᠮᠣᠩᠭᠣᠯ ᠤᠨ ᠪᠠᠷᠠᠭ᠎ᠠ  ᠪᠠᠶᠠᠨᠨᠠᠭᠤᠷ ᠤᠨ ᠴᠠᠬᠢᠮ ᠬᠤᠳᠠᠯᠳᠤᠭᠠᠨ ᠤ ᠲᠥᠪ ᠲᠦ ᠪᠠᠶᠢᠷᠢᠰᠢᠪᠠ 

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠣᠲᠠ ᠶᠢᠨ ︽ᠾᠸ ᠲᠤᠤ ︾ ᠴᠠᠬᠢᠮ ᠬᠤᠳᠠᠯᠳᠤᠭᠠᠨ ᠤ ᠲᠥᠪ ᠲᠦ ᠮᠣᠩᠭᠣᠯ ᠤᠯᠤᠰ ᠤᠨ 100 ᠭᠠᠷᠤᠢ ᠲᠥᠷᠥᠯ ᠦᠨ ᠪᠠᠷᠠᠭ᠎ᠠ ᠪᠦᠲᠦᠭᠡᠭᠳᠡᠬᠦᠨ ᠪᠣᠷᠣᠯᠠᠭᠤᠯᠤᠯᠲᠠ ᠶᠢᠨ ᠳᠠᠷᠠᠭ᠎ᠠ ᠲᠠᠲᠠᠪᠤᠷᠢ ᠤᠯᠭᠤᠬᠤ  ᠨᠦᠬᠦᠴᠡᠯ  ᠲᠠᠢ ᠪᠡᠷ ᠪᠠᠶᠢᠷᠢᠰᠢᠭᠠᠳ ᠪᠠᠶᠢᠨ᠎ᠠ᠃
ᠡᠨᠡ ᠨᠢ ᠮᠣᠩᠭᠣᠯ ᠤᠨ ᠪᠠᠷᠠᠭ᠎ᠠ ᠪᠦᠲᠦᠭᠡᠭᠳᠡᠬᠦᠨ ᠢ ᠬᠢᠲᠠᠳ  ᠤᠨ ᠵᠠᠬ᠎ᠠ ᠵᠡᠭᠡᠯᠢ ᠳᠦ ᠣᠨᠯᠠᠶᠢᠨ ᠢᠶᠠᠷ ᠬᠤᠳᠠᠯᠳᠤᠬᠤ  ︽ᠬᠢᠯᠢ ᠳᠠᠮᠨᠠᠭᠰᠠᠨ ᠴᠠᠬᠢᠮ ᠬᠤᠳᠠᠯᠳᠤᠭ᠎ᠠ-E export ︾ ᠲᠥᠰᠥᠯ ᠦᠨ ᠠᠵᠢᠯ ᠤᠨ ᠡᠬᠢᠯᠡᠯ ᠪᠣᠯᠵᠤ ᠪᠠᠶᠢᠨ᠎ᠠ᠃ ᠲᠥᠰᠥᠯ ᠢ ᠮᠣᠩᠭᠣᠯ ᠤᠨ ᠲᠠᠯ᠎ᠠ ᠠᠴᠠ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠠᠯ᠎ᠠ ᠠᠴᠠ ᠲᠤᠰ ᠤᠯᠤᠰ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠣᠲᠠ ᠶᠢᠨ ᠬᠤᠳᠠᠯᠳᠤᠭ᠎ᠠ ᠶᠢ ᠳᠡᠮᠵᠢᠬᠦ ᠬᠣᠷᠢᠶ᠎ᠠ ᠥᠩᠭᠡᠷᠡᠭᠰᠡᠨ ᠣᠨ ᠠᠴᠠ ᠡᠬᠢᠯᠡᠭᠦᠯᠦᠭᠡᠳ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ