ᠡ‍ᠳ᠋ ᠤᠨ ᠵᠠᠰᠠᠭ ᠤᠨ ᠲᠦᠩᠰᠢᠯᠡᠯ ᠤᠨ ᠬᠡᠯᠡᠯᠴᠡᠭᠡᠷ ᠢ ᠰᠠᠢᠢᠵᠢᠷᠠᠭᠤᠯᠤᠨ᠎ᠠ | News.MN

ᠡ‍ᠳ᠋ ᠤᠨ ᠵᠠᠰᠠᠭ ᠤᠨ ᠲᠦᠩᠰᠢᠯᠡᠯ ᠤᠨ ᠬᠡᠯᠡᠯᠴᠡᠭᠡᠷ ᠢ ᠰᠠᠢᠢᠵᠢᠷᠠᠭᠤᠯᠤᠨ᠎ᠠ

ᠡ‍ᠳ᠋ ᠤᠨ ᠵᠠᠰᠠᠭ ᠤᠨ ᠲᠦᠩᠰᠢᠯᠡᠯ ᠤᠨ ᠲᠤᠬᠠᠢ ᠶᠠᠫᠤᠨ ᠤᠯᠤᠰ᠂ ᠮᠤᠩᠭᠤᠯ ᠤᠯᠤᠰ ᠬᠤᠭᠤᠷᠤᠨᠳᠤ ᠵᠢᠨ ᠬᠡᠯᠡᠯᠴᠡᠭᠡᠷ 2016 ᠣᠨ ᠪ 06 ᠳ᠋ᠤᠭᠠᠷ ᠰᠠᠷ᠎ᠠ ᠵᠢᠨ 07 ᠪ ᠡ‍ᠳᠦᠷ ᠡ‍ᠴᠡ ᠬᠡᠷᠡᠭᠵᠢᠵᠦ ᠡ‍ᠬᠢᠯᠡᠭᠰᠡᠨ ᠃ ᠬᠡᠯᠡᠯᠴᠡᠭᠡᠷ ᠬᠡᠷᠡᠭᠵᠢᠵᠦ ᠡ‍ᠬᠢᠯᠡᠭᠰᠡᠨ ᠵᠢᠨᠷ ᠮᠤᠩᠭᠤᠯ ᠤᠨ ᠠᠵᠤ ᠠᠬᠤᠢ ᠵᠢᠨ ᠨᠢᠭᠡᠴᠢ ᠨᠦᠭᠥᠳ ᠶᠠᠫᠤᠨ ᠪ ᠵᠠᠬ᠎ᠠ ᠵᠡᠭᠡᠯᠢ ᠳ᠋ᠦ 9300 ᠣᠷᠴᠢᠮ ᠲᠥᠷᠦᠯ ᠤᠨ ᠪᠠᠷᠠᠭ᠎ᠠ ᠪᠦᠲᠦᠭᠡᠭᠳᠡᠬᠦᠨ ᠢ ᠢᠮᠫᠣᠷᠲ ᠤᠨ ᠭᠠᠢᠢᠯᠢ ᠵᠢᠨ ᠲᠠᠲᠠᠪᠤᠷᠢ ᠵᠢᠨ ᠬᠥᠩᠭᠡᠯᠡᠯᠲᠡ ᠲᠠᠢ ᠪᠡᠷ ᠡᠺᠰᠫᠤᠷᠲᠯᠤᠬᠤ ᠪᠣᠯᠤᠮᠵᠢ ᠪᠠᠷ ᠬᠠᠩᠭᠠᠭᠳᠠᠭᠰᠠᠨ ᠶᠤᠮ ᠃

ᠬᠡᠯᠡᠯᠴᠡᠭᠡᠷ ᠢ ᠬᠡᠷᠡᠭᠵᠢᠭᠦᠯᠵᠦ ᠡ‍ᠬᠢᠯᠡᠭᠰᠡᠨ ᠡ‍ᠴᠡ ᠬᠤᠢᠢᠰᠢ ᠬᠤᠶᠠᠷ ᠲᠠᠯ᠎ᠠ ᠵᠢᠨ ᠬᠤᠳᠠᠯᠳᠤᠭᠠᠨ ᠪ ᠡ‍ᠷᠭᠢᠯᠲᠡ ᠂  ᠡᠺᠰᠫᠤᠷᠲᠯᠤᠵᠤ ᠪᠤᠢ ᠪᠠᠷᠠᠭᠠᠨ ᠪ ᠨᠡᠷ᠎ᠡ ᠲᠥᠷᠦᠯ ᠪᠣᠯᠤᠨ ᠬᠥᠷᠦᠩᠭᠡ ᠣᠷᠤᠭᠤᠯᠤᠯᠲᠠ ᠵᠢᠨ ᠬᠡᠮᠵᠢᠶ᠎ᠡ ᠨᠡᠮᠡᠭᠳᠡᠭᠰᠡᠭᠡᠷ ᠪᠠᠢᠢᠨ᠎ᠠ᠃ ᠮᠤᠩᠭᠤᠯ ᠤᠨ ᠦᠨᠳᠦᠰᠦᠨ ᠪ ᠬᠤᠳᠠᠯᠳᠤᠭ᠎ᠠ ᠠᠵᠤ ᠦᠢᠯᠡᠳᠪᠦᠷᠢ ᠵᠢᠨ ᠲᠠᠩᠬᠢᠮ ᠪᠣᠯᠤᠨ ᠭᠠᠳᠠᠭᠠᠳᠤ ᠬᠠᠷᠢᠯᠴᠠᠭᠠᠨ ᠪ ᠶᠠᠮᠤᠨ ᠬᠠᠮᠲᠤᠷᠠᠨ ᠬᠤᠶᠠᠷ ᠤᠯᠤᠰ ᠤᠨ ᠬᠡᠯᠡᠯᠴᠡᠭᠡᠷ ᠤᠨ ᠠᠰᠢᠭᠯᠠᠯᠲᠠ ᠵᠢ ᠰᠠᠢᠢᠵᠢᠷᠠᠭᠤᠯᠬᠤ ᠂ ᠦᠨᠳᠦᠰᠦᠨ ᠪ ᠡ‍ᠺᠰᠫᠣᠷᠲ ᠢ ᠨᠡᠮᠡᠭᠳᠡᠭᠦᠯᠬᠦ ᠵᠤᠷᠢᠯᠲᠠ ᠵᠢᠨ ᠬᠦᠷᠢᠶᠡᠨ ᠳ᠋ᠦ ᠠᠭᠤᠯᠵᠠᠯᠲᠠ ᠂ ᠬᠡᠯᠡᠯᠴᠡᠭᠦᠯᠭᠡ ᠵᠤᠬᠢᠶᠠᠨ ᠪᠠᠢᠢᠭᠤᠯᠬᠤ ᠪᠡᠷ ᠲᠥᠯᠦᠪᠯᠡᠨ ᠠᠵᠢᠯᠯᠠᠵᠤ ᠪᠠᠢᠢᠭᠰᠠᠨ ᠪᠣᠯᠪᠠᠴᠤ ᠰᠢᠨ᠎ᠡ ᠺᠣᠷᠤᠨᠠ ᠸᠢᠷᠦ᠋ᠰ ᠦᠨ ᠪᠣᠯᠵᠤᠰᠢ ᠦᠭᠡᠢ ᠡ‍ᠷᠡᠰᠳᠡᠯ ᠡ‍ᠴᠡ ᠤᠷᠢᠳᠴᠢᠯᠠᠨ ᠰᠡᠷᠭᠡᠢᠢᠯᠡᠬᠦ ᠵᠤᠷᠢᠯᠭ᠎ᠠ ᠪᠡᠷ ᠠᠵᠤ ᠠᠬᠤᠢ ᠵᠢᠨ ᠨᠢᠭᠡᠴᠢ ᠨᠦᠭᠥᠳ ᠤᠨ ᠰᠠᠨᠠᠯ ᠬᠦᠰᠡᠯᠲᠡ ᠵᠢ ᠴᠠᠬᠢᠮ ᠵᠢᠨᠷ ᠬᠦᠯᠢᠶᠡᠨ ᠠᠪᠬᠤ ᠪᠡᠷ ᠰᠢᠢᠳᠪᠦᠷᠢᠯᠡᠵᠡᠢ ᠃ ᠲᠡᠢᠢᠮᠦ ᠡ‍ᠴᠡ ᠠᠵᠤ ᠠᠬᠤᠢ ᠵᠢᠨ ᠨᠢᠭᠡᠴᠢ ᠨᠦᠭᠥᠳ ᠬᠤᠶᠠᠷ ᠤᠯᠤᠰ ᠤᠨ ᠬᠡᠯᠡᠯᠴᠡᠭᠡᠷ ᠢ ᠬᠡᠷᠡᠭᠵᠢᠭᠦᠯᠬᠦ ᠲᠠᠢ ᠬᠤᠯᠪᠣᠭᠠᠲᠠᠢ ᠰᠠᠨᠠᠯ ᠬᠦᠰᠡᠯᠲᠡ ᠂ ᠲᠤᠯᠭᠠᠷᠠᠵᠤ ᠪᠤᠢ ᠬᠦᠨᠳᠦᠷᠡᠯ ᠪᠡᠷᠬᠡᠰᠢᠶᠡᠯ ᠤᠨ ᠲᠠᠯ᠎ᠠ ᠪᠡᠷ ᠬᠢ ᠮᠡᠳᠡᠭᠡᠯᠡᠯ ᠢ foreignrelations@mongolchamber.mn  ᠬᠠᠶ᠋ᠢᠭ ᠵᠢᠨᠷ ᠢᠯᠡᠭᠡᠵᠦ ᠪᠣᠯᠬᠤ ᠨᠢ ᠃ ᠢᠷᠡᠭᠦᠯᠦᠭᠰᠡᠨ ᠰᠠᠨᠠᠯ ᠬᠦᠰᠡᠯᠲᠡ ᠳᠦ ᠲᠤᠰᠬᠠᠭᠳᠠᠭᠰᠠᠨ ᠵᠠᠷᠢᠮ ᠨᠡᠢᠢᠲᠡᠯᠢᠭ ᠠᠰᠠᠭᠤᠳᠠᠯ ᠤᠳ ᠢ ᠭᠠᠳᠠᠭᠠᠳᠤ ᠬᠠᠷᠢᠯᠴᠠᠭᠠᠨ ᠪ ᠶᠠᠮᠤᠨ ᠢᠶᠠᠷ ᠳᠠᠮᠵᠢᠭᠤᠯᠤᠨ ᠰᠢᠢᠳᠪᠦᠷᠢᠯᠡᠭᠦᠯᠬᠦ ᠪᠡᠷ ᠲᠥᠯᠦᠪᠯᠡᠭᠡᠳ ᠪᠠᠢᠢᠭ᠎ᠠ ᠵᠢ ᠲᠠᠩᠬᠢᠮ ᠡᠴᠠ ᠮᠡᠳᠡᠭᠡᠯᠡᠪᠡ ᠃

 

ᠰᠡᠳᠬᠢᠭᠳᠡᠯ ᠦᠯᠡᠳᠡᠭᠡᠬᠦ