ᠮᠣᠩᠭᠣᠯ ᠢᠶᠠᠷ ᠳᠠᠮᠵᠢᠬᠤ ᠬᠡᠢ ᠶ᠋ᠢᠨ ᠬᠣᠭᠣᠯᠠᠢ ᠶ᠋ᠢᠨ ᠲᠥᠰᠥᠯ ᠢ ᠱᠠᠲᠤ ᠠᠬᠢᠭᠤᠯᠤᠨ᠎ᠠ | News.MN

ᠮᠣᠩᠭᠣᠯ ᠢᠶᠠᠷ ᠳᠠᠮᠵᠢᠬᠤ ᠬᠡᠢ ᠶ᠋ᠢᠨ ᠬᠣᠭᠣᠯᠠᠢ ᠶ᠋ᠢᠨ ᠲᠥᠰᠥᠯ ᠢ ᠱᠠᠲᠤ ᠠᠬᠢᠭᠤᠯᠤᠨ᠎ᠠ

ᠣᠷᠣᠰ  ᠤᠨ ᠶᠡᠷᠦᠩᠬᠡᠶᠢᠯᠡᠭᠴᠢ ᠸᠯᠠᠳᠢᠮᠢᠷ ᠫᠦᠲ᠋ᠢᠨ ︽ᠰᠢᠪᠧᠷᠢᠶ᠎ᠠ ᠶ᠋ᠢᠨ ᠬᠦᠴᠦ  2︾ ᠬᠡᠢ ᠶ᠋ᠢᠨ ᠬᠣᠭᠣᠯᠠᠢ ᠶ᠋ᠢᠨ ᠵᠢᠷᠤᠭ ᠲᠥᠰᠥᠯ ᠂ ᠰᠤᠳᠤᠯᠭᠠᠨ ᠤ ᠠᠵᠢᠯ ᠪᠣᠯᠣᠨ ᠲᠧᠭᠨᠢᠭ ᠂ ᠡᠳ᠋ ᠤᠨ ᠵᠠᠰᠠᠭ ᠤᠨ ᠦᠨᠳᠦᠰᠦᠯᠡᠯ ᠢ ᠪᠣᠯᠪᠠᠰᠤᠷᠠᠭᠤᠯᠵᠤ ᠡᠬᠢᠯᠡᠬᠦ ᠶ᠋ᠢ ᠵᠥᠪᠰᠢᠶᠡᠷᠡᠭᠰᠡᠨ ᠪᠠᠶᠢᠨ᠎ᠠ ᠃ ᠡᠨᠡ ᠲᠤᠬᠠᠢ ᠲᠡᠷᠡ ᠪᠡᠷ᠄ ᠭᠠᠽᠫᠷᠤᠮ ᠤᠨ ᠲᠡᠷᠢᠭᠦᠨ ᠠᠯᠧᠺᠰᠧᠢ ᠮᠢᠯᠯᠸᠷᠢ ᠲᠠᠢ ᠠᠭᠤᠯᠵᠠᠬᠤ ᠦᠶ᠎ᠡ ᠪᠡᠷ ᠢᠶ᠋ᠡᠨ ᠮᠡᠳᠡᠭᠳᠡᠭᠰᠡᠨ ᠪᠠᠶᠢᠨ᠎ᠠ ᠃

ᠠᠯᠧᠺᠰᠧᠢ ᠮᠢᠯᠯᠸᠷᠢ᠄ ᠭᠠᠽᠫᠷᠤᠮ ᠺᠣᠮᠫᠠᠨᠢ ᠨᠢ ᠵᠡᠭᠦᠨ ᠰᠢᠪᠸᠷᠢᠶ᠎ᠠ ᠳᠤ ᠪᠠᠶᠢᠭ᠎ᠠ ᠬᠡᠢ ᠶ᠋ᠢᠨ ᠲᠡᠭᠡᠭᠡᠪᠦᠷᠢ ᠶ᠋ᠢᠨ ᠬᠦᠴᠦᠨ ᠴᠢᠳᠠᠯ ᠢ ᠣᠷᠣᠰ ᠤᠨ ᠡᠸᠦ᠋ᠷᠦᠫᠡ ᠶ᠋ᠢᠨ ᠬᠡᠰᠡᠭ ᠲᠠᠬᠢ ᠬᠡᠢ ᠶ᠋ᠢᠨ ᠬᠣᠭᠣᠯᠠᠢ ᠲᠠᠢ ᠬᠣᠣᠰᠯᠠᠭᠤᠯᠬᠤ ᠠᠰᠠᠭᠤᠳᠠᠯ ᠲᠠᠢ ᠲᠤᠯᠭᠠᠷᠠᠵᠤ ᠪᠠᠶᠢᠭ᠎ᠠ᠃ ᠡᠨᠡ ᠨᠢ ᠡᠷᠡᠭᠡᠯᠵᠡᠭᠡ ᠦᠭᠡᠢ ᠪᠡᠷ ᠬᠣᠶᠠᠷ ᠴᠢᠭᠯᠡᠯ ᠳ᠋ᠥ ᠪᠠᠶᠢᠭᠠᠯᠢ ᠶ᠋ᠢᠨ ᠬᠡᠢ ᠶ᠋ᠢᠨ ᠨᠡᠶᠢᠯᠡᠭᠦᠯᠦᠯᠲᠡ ᠶ᠋ᠢ ᠬᠠᠩᠭᠠᠵᠤ ᠂ ᠣᠷᠣᠰ ᠤᠨ ᠪᠦᠰᠡ ᠨᠤᠲᠤᠭ ᠲᠤ ᠬᠡᠢ ᠶ᠋ᠢᠨ ᠬᠠᠩᠭᠠᠮᠵᠢ ᠶ᠋ᠢᠨ ᠨᠠᠶᠢᠳᠠᠪᠤᠷᠢᠲᠠᠢ ᠪᠠᠶᠢᠳᠠᠯ ᠢ ᠤᠯᠠᠮ ᠪᠦᠷ ᠨᠡᠮᠡᠭᠳᠡᠭᠦᠯᠦᠨ᠎ᠡ  ᠭᠡᠵᠡᠢ᠃ ︽ᠰᠢᠪᠧᠷᠢᠶ᠎ᠠ ᠶ᠋ᠢᠨ ᠬᠦᠴᠦ  2︾ ᠲᠦᠰᠦᠯ ᠦᠨ ᠲᠧᠭᠨᠢᠭ᠂ ᠡᠳ᠋  ᠤᠨ ᠵᠠᠰᠠᠭ ᠤᠨ ᠤᠷᠢᠳᠴᠢᠯᠠᠭᠰᠠᠨ ᠠᠨᠠᠯᠢᠰ ᠢᠶᠠᠷ ᠡᠳ᠋ ᠤᠨ ᠵᠠᠰᠠᠭ ᠤᠨ ᠬᠤᠪᠢ ᠳᠤ ᠠᠰᠢᠭ ᠲᠠᠢ ᠂ ᠵᠠᠷᠤᠳᠠᠯ ᠪᠠᠭ᠎ᠠ ᠲᠠᠢ ᠭᠡᠰᠡᠨ ᠡᠶᠡᠷᠭᠦ ᠳ᠋ᠦᠩ ᠭᠠᠷᠤᠭᠰᠠᠨ ᠲᠠᠯ᠎ᠠ ᠪᠡᠷ ᠠᠯᠧᠺᠰᠧᠢ ᠮᠢᠯᠯᠸᠷᠢ ᠡᠨᠡ ᠦᠶ᠎ᠡ ᠪᠡᠷ ᠮᠡᠳᠡᠭᠡᠯᠡᠵᠡᠢ ᠃ ᠡᠨᠡ ᠬᠦ ᠬᠡᠢ ᠶ᠋ᠢᠨ ᠬᠣᠭᠣᠯᠠᠢ ᠶ᠋ᠢᠨ ᠨᠢ ᠬᠢᠲᠠᠳ ᠤᠨ ᠪᠠᠷᠠᠭᠤᠨ ᠬᠡᠰᠡᠭ ᠤᠨ ᠵᠠᠬ᠎ᠠ ᠵᠡᠭᠡᠯᠢ ᠶ᠋ᠢ ᠬᠠᠩᠭᠠᠬᠤ ᠶᠤᠮ ᠃ ᠮᠣᠩᠭᠣᠯ ᠤᠨ ᠨᠤᠲᠤᠭ ᠢᠶᠠᠷ ᠳᠠᠮᠵᠢᠭᠤᠯᠤᠨ ᠵᠢᠯ ᠳ᠋ᠦ ᠪᠡᠨ 50 ᠲᠡᠷᠪᠤᠮ ᠺᠦᠪ ᠮᠸᠲᠷ ᠪᠠᠶᠢᠭᠠᠯᠢ ᠶ᠋ᠢᠨ ᠬᠡᠢ ᠨᠡᠶᠢᠯᠡᠭᠦᠯᠬᠦ ᠪᠣᠯᠣᠮᠵᠢᠲᠠᠢ ᠶᠤᠮ ᠃ ᠮᠥᠨ ᠬᠥᠷᠥᠩᠭᠡ ᠣᠷᠤᠭᠤᠯᠤᠯᠲᠠ ᠶ᠋ᠢᠨ ᠲᠠᠯ᠎ᠠ ᠳᠡᠭᠡᠷ᠎ᠡ ᠲᠤᠰ ᠺᠣᠮᠫᠠᠨᠢ ᠣᠭᠲᠣᠬᠠᠨ ᠴᠦ ᠰᠠᠨᠠᠭ᠎ᠠ ᠵᠣᠪᠠᠬᠤ ᠦᠭᠡᠢ ᠪᠠᠶᠢᠭ᠎ᠠ ᠭᠡᠵᠡᠢ ᠃

ᠰᠡᠳᠬᠢᠭᠳᠡᠯ ᠦᠯᠡᠳᠡᠭᠡᠬᠦ