ᠨᠢᠭᠡᠳᠦᠭᠰᠡᠨ ᠦᠨᠳᠦᠰᠦᠨ ᠦ ᠪᠠᠶᠢᠭᠤᠯᠭ᠎ᠠ ᠳᠡᠮᠵᠢᠯᠭᠡ ᠦᠵᠡᠭᠦᠯᠦᠨ᠎ᠡ | News.MN

ᠨᠢᠭᠡᠳᠦᠭᠰᠡᠨ ᠦᠨᠳᠦᠰᠦᠨ ᠦ ᠪᠠᠶᠢᠭᠤᠯᠭ᠎ᠠ ᠳᠡᠮᠵᠢᠯᠭᠡ ᠦᠵᠡᠭᠦᠯᠦᠨ᠎ᠡ

 

ᠭᠠᠳᠠᠭᠠᠳᠤ ᠬᠠᠷᠢᠯᠴᠠᠭᠠᠨ ᠤ ᠰᠠᠶᠢᠳ ᠳ᠋᠊·ᠴᠣᠭᠲᠣᠪᠠᠭᠠᠲᠤᠷ ᠨᠢᠭᠡᠳᠦᠭᠰᠡᠨ ᠦᠨᠳᠦᠰᠦᠲᠡᠨ ‍ᠣ ᠪᠠᠶᠢᠭᠤᠯᠭ᠎ᠠ ᠶ᠋ᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠱᠷᠠ ᠶᠢ 3 ᠳ᠋ᠤᠭᠠᠷ ᠰᠠᠷ᠎ᠠ ᠶ᠋ᠢᠨ 27 ᠤ ᠡᠳᠦᠷ ᠬᠦᠯᠢᠶᠡᠨ ᠠᠪᠴᠤ ᠠᠭᠤᠯᠵᠠᠪᠠ᠃ ᠲᠠᠫᠠᠨ ᠮᠢᠱᠷᠠ ᠮᠣᠩᠭᠣᠯ ᠤᠯᠤᠰ ᠤᠨ ᠵᠠᠰᠠᠭ ᠤᠨ ᠭᠠᠵᠠᠷ ᠡᠴᠠ ᠺᠣᠷᠣᠨᠠ ᠸᠢᠷᠦ᠋ᠰ ᠦᠨ ᠬᠠᠯᠳᠠᠪᠤᠷᠢ ᠡᠴᠠ ᠤᠷᠢᠳᠴᠢᠯᠠᠨ ᠰᠡᠷᠭᠡᠶᠢᠯᠡᠬᠦ ᠴᠢᠭᠯᠡᠯ ᠢᠶ᠋ᠡᠷ ᠰᠢᠭᠤᠷᠬᠠᠢ ᠠᠷᠭ᠎ᠠ ᠬᠡᠮᠵᠢᠶ᠎ᠡ ᠠᠪᠴᠤ ᠂ ᠦᠷ᠎ᠡ ᠳ᠋ᠦᠩ ᠲᠠᠢ ᠠᠵᠢᠯᠯᠠᠵᠤ ᠢᠷᠡᠭᠰᠡᠨ ᠢ ᠰᠠᠶᠢᠰᠢᠶᠠᠨ ᠲᠡᠮᠳᠡᠭᠯᠡᠭᠡᠳ ᠨᠢᠭᠡᠳᠦᠭᠰᠡᠨ ᠦᠨᠳᠦᠰᠦᠲᠡᠨ ‍ᠣ ᠪᠠᠶᠢᠭᠤᠯᠭ᠎ᠠ  ᠨᠡᠶᠢᠭᠡᠮ ᠡᠳ᠋  ᠤᠨ ᠵᠠᠰᠠᠭ ᠤᠨ ᠬᠦᠨᠳᠦᠷᠡᠯ ᠢ ᠳᠠᠪᠠᠨ ᠲᠤᠭᠤᠯᠬᠤ ᠳ᠋ᠤ ᠪᠦᠬᠦ ᠲᠠᠯ᠎ᠠ ᠪᠡᠷ ᠳᠡᠮᠵᠢᠯᠭᠡ ᠦᠵᠡᠭᠦᠯᠵᠦ ᠂ ᠬᠠᠮᠲᠤᠷᠠᠨ ᠠᠵᠢᠯᠯᠠᠬᠤ ᠳᠤ ᠪᠡᠯᠡᠨ ᠪᠠᠶᠢᠭ᠎ᠠ ᠪᠠᠨ ᠢᠯᠡᠷᠬᠡᠶᠢᠯᠡᠭᠰᠡᠨ ᠪᠠᠶᠢᠨ᠎ᠠ᠃

ᠳ᠋᠊·ᠴᠣᠭᠲᠣᠪᠠᠭᠠᠲᠤᠷ ᠨᠢᠭᠡᠳᠦᠭᠰᠡᠨ ᠦᠨᠳᠦᠰᠦᠨ ᠦ ᠪᠠᠶᠢᠭᠤᠯᠭ᠎ᠠ᠂ ᠲᠡᠭᠦᠨ ᠦ ᠰᠢᠰᠲ᠋ᠧᠮ ᠤᠨ ᠪᠣᠯᠣᠨ ᠲᠥᠷᠥᠯᠵᠢᠭᠰᠡᠨ ᠪᠠᠶᠢᠭᠤᠯᠭ᠎ᠠ ᠨᠣᠭᠣᠳ ᠤᠨ ᠦᠵᠡᠭᠦᠯᠵᠦ ᠪᠤᠢ ᠲᠤᠰᠠᠯᠠᠮᠵᠢ ᠳᠡᠮᠵᠢᠯᠭᠡ ᠳ᠋ᠥ ᠲᠠᠯᠠᠷᠬᠠᠯ ᠢᠯᠡᠷᠬᠡᠶᠢᠯᠡᠭᠡᠳ ᠮᠣᠩᠭᠣᠯ ᠤᠯᠤᠰ ᠤᠨ ᠵᠠᠰᠠᠭ ᠤᠨ ᠭᠠᠵᠠᠷ ᠡᠴᠠ ᠠᠷᠠᠳ ᠢᠷᠭᠡᠳ ᠤᠨ ᠠᠮᠢ ᠨᠠᠰᠤ ᠂ ᠡᠷᠡᠭᠦᠯ ᠮᠡᠨᠳᠦ ᠶ᠋ᠢ ᠨᠡᠩ ᠲᠡᠷᠢᠭᠦᠨ ᠳ᠋ᠥ ᠬᠠᠮᠠᠭᠠᠯᠠᠬᠤ ᠵᠣᠷᠢᠯᠲᠠ ᠶ᠋ᠢ ᠲᠠᠯᠪᠢᠨ ᠠᠵᠢᠯᠯᠠᠵᠤ ᠪᠠᠶᠢᠭ᠎ᠠ ᠶ᠋ᠢ ᠮᠡᠳᠡᠭᠡᠯᠡᠪᠡ ᠃

ᠰᠡᠳᠬᠢᠭᠳᠡᠯ ᠦᠯᠡᠳᠡᠭᠡᠬᠦ